ᠣᠶᠢᠷ᠎ᠠ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠵᠤ᠂ ᠴᠦᠯᠯᠡᠷᠭᠡᠭᠵᠢᠯ ᠢ ᠶᠡᠷᠦᠩᠬᠡᠶᠢᠯᠡᠨ | ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ | ᠡᠨᠡ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠭᠤᠷᠪᠠᠳᠠᠭᠢ ᠤᠳᠠᠭ᠎ᠠ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠵᠤ ᠠᠵᠢᠯ ᠵᠢᠯᠤᠭᠤᠳᠴᠤ ᠪᠠᠶᠢᠭ᠎ᠠ ᠶᠠᠪᠤᠳᠠᠯ ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ | ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ︾᠂ ︽ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ | ᠴᠣᠭᠴᠠᠯᠠᠬᠤ ᠬᠡᠷᠡᠭᠲᠡᠢ︾ ᠭᠡᠬᠦ ᠴᠢᠬᠤᠯᠠ ᠵᠢᠭᠠᠪᠤᠷᠢ ᠨᠢ ᠪᠦᠭᠦ ᠣᠷᠣᠨ ᠤ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠴᠠᠢ᠃ ᠤᠯᠠᠨ ᠢᠶᠠᠷ ᠢᠶᠠᠨ᠂ | ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠦᠯᠦ | ᠬᠠᠯᠠᠰᠢᠷᠠᠵᠤ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠴᠦ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠡᠩ ᠪᠠᠲᠤ | ᠴᠣᠭᠴᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠡᠩ ᠶᠡᠭᠡ ᠠᠮᠵᠢᠯᠲᠠ ᠪᠦᠲᠦᠮᠵᠢ ᠭᠠᠷᠭᠠᠨ᠎ᠠ ᠭᠡᠵᠦ ᠰᠠᠨᠠᠯ ᠨᠢᠭᠡᠲᠡᠢ | ᠢᠯᠡᠳᠬᠡᠵᠡᠭᠡᠪᠡ᠃ | ᠣᠮᠣᠭᠰᠢᠨ ᠵᠣᠷᠢᠭᠵᠢᠵᠤ ᠢᠲᠡᠭᠡᠯ ᠵᠣᠷᠢᠭ ᠬᠥᠪᠴᠢᠯᠡᠭᠳᠡᠪᠡ | ᠣᠮᠣᠭᠰᠢᠨ ᠵᠣᠷᠢᠭᠵᠢᠪᠠ — ᠡᠨᠡ ᠪᠣᠯ ᠥᠪᠥᠷ ᠮᠣᠩᠭᠤᠯ ᠤᠨ 2400 ᠭᠠᠷᠤᠢ ᠲᠦᠮᠡᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ | ᠬᠠᠮᠲᠤ ᠶᠢᠨ ᠲᠥᠷᠥᠭᠳᠡᠯ ᠪᠣᠯᠣᠨ᠎ᠠ᠃ ᠥᠪᠥᠷ ᠮᠣᠩᠭᠤᠯ ᠤᠨ ᠦᠵᠡᠰᠬᠦᠯᠡᠩᠲᠦ ᠰᠠᠶᠢᠬᠠᠨ ᠥᠷᠭᠡᠨ ᠠᠭᠤᠳᠠᠮ ᠨᠤᠲᠤᠭ ᠳᠡᠪᠢᠰᠬᠡᠷ ᠢ ᠶᠡᠷᠦᠩᠬᠡᠢ ᠱᠦᠵᠢ ᠰᠢ ᠶᠢᠨ | ᠫᠢᠩ ᠢᠮᠠᠭᠲᠠ ᠭᠦᠨ᠎ᠡ ᠬᠠᠯᠠᠮᠵᠢᠯᠠᠭᠰᠠᠭᠠᠷ ᠢᠷᠡᠵᠠᠢ᠃ ᠣᠯᠠᠨ ᠢᠶᠠᠷ ᠢᠶᠠᠨ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠢ ᠡᠷᠡᠮᠡᠬᠡᠶᠢᠯᠡᠨ ᠤᠷᠤᠭᠰᠢᠯᠠᠬᠤ ᠡᠷᠴᠢ | ᠬᠦᠴᠦᠨ ᠪᠣᠯᠭᠠᠨ ᠬᠤᠪᠢᠷᠠᠭᠤᠯᠵᠤ᠂ ᠬᠦᠰᠡᠯ ᠨᠠᠶᠢᠳᠠᠯᠭ᠎ᠠ ᠶᠢ ᠦᠯᠦ ᠬᠥᠰᠡᠷᠳᠡᠭᠦᠯᠦᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠨ᠎ᠡ ᠭᠡᠵᠦ ᠢᠯᠡᠳᠬᠡᠵᠦ | ᠪᠠᠶᠢᠯ᠎ᠠ᠃ | 6 ᠰᠠᠷ᠎ᠠ ᠶᠢᠨ 6 ᠤ ᠡᠳᠦᠷ᠂ ᠪᠠᠶᠠᠨᠨᠠᠭᠤᠷ ᠬᠤᠳᠠ ᠶᠢᠨ ᠤᠯᠠᠭᠠᠨᠰᠤᠬᠠᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ ᠯᠢᠦ ᠸᠧᠨ ᠪᠢᠨ᠄ ︽ | ᠶᠡᠷᠦᠩᠬᠡᠢ ᠱᠦᠵᠢ ᠣᠩᠭᠤᠴᠠᠨ ᠠᠴᠠ ᠪᠠᠭᠤᠬᠤ ᠳᠠᠭᠠᠨ ︿ᠲᠠ ᠵᠦᠳᠡᠷᠡᠯ᠎ᠡ﹀ ᠭᠡᠵᠦ ᠨᠠᠳᠠᠳᠤ ᠬᠡᠯᠡᠭᠰᠡᠨ᠃ ᠲᠡᠷᠡ ᠦᠶ᠎ᠡ ᠳᠤ ᠮᠢᠨᠤ ᠳᠣᠬᠳᠣᠯᠤᠬᠰᠠᠨ ᠢ ᠬᠡᠯᠡᠬᠦ ᠶᠢᠨ | ᠠᠷᠭ᠎ᠠ ᠦᠭᠡᠢ︕ ᠶᠡᠷᠦᠩᠬᠡᠢ ᠱᠦᠵᠢ ᠮᠢᠨᠤ ᠭᠡᠷ ᠪᠦᠯᠢ ᠶᠢᠨ ᠪᠠᠶᠢᠳᠠᠯ ᠪᠣᠯᠣᠨ ᠠᠵᠢᠯ ᠤᠨ ᠥᠩᠭᠡᠷᠡᠯᠲᠡ ᠶᠢ ᠨᠠᠷᠢᠨ ᠠᠰᠠᠭᠤᠪᠠ᠃ ᠡᠨᠡ ᠪᠣᠯ ᠪᠢᠳᠡᠨ ᠤ ᠡᠩ ᠤᠨ | ᠠᠵᠢᠯᠲᠠᠨ ᠠᠵᠢᠯᠴᠢᠨ ᠳᠤ ᠥᠭᠭᠦᠭᠰᠡᠨ ᠲᠦᠢᠯ ᠤᠨ ᠶᠡᠭᠡ ᠬᠠᠯᠠᠮᠵᠢᠯᠠᠯ ᠪᠠ ᠵᠣᠷᠢᠭᠵᠢᠭᠤᠯᠤᠯ ᠪᠣᠯᠣᠨ᠎ᠠ︾ ᠭᠡᠵᠦ ᠬᠡᠯᠡᠪᠡ᠃ | ᠤᠯᠠᠭᠠᠨᠰᠤᠬᠠᠢ ᠶᠢᠨ ᠡᠮᠦᠨ᠎ᠡ ᠭᠦᠪᠡᠭᠡ ᠳᠠᠬᠢ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ᠂ ᠶᠡᠷᠦᠩᠬᠡᠢ ᠱᠦᠵᠢ | ᠬᠥᠷᠥᠰᠥ ᠰᠢᠷᠣᠢ᠂ ᠦᠷ᠎ᠡ ᠶᠢᠨ ᠥᠯᠢᠭᠡᠷ ᠶᠠᠩᠵᠤ᠂ ᠪᠤᠭᠤᠳᠠᠢ ᠪᠠ ᠯᠠᠵᠤᠤ ᠶᠢᠨ ᠤᠷᠭᠤᠴᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠭᠰᠡᠨ ᠪᠥᠭᠡᠳ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠯᠠᠪᠯᠠᠨ ᠠᠰᠠᠭᠤᠪᠠ᠃ ᠡᠨᠡ ᠨᠢ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠭᠢᠯᠡᠭᠴᠢ ᠶᠢ ᠶᠡᠬᠡᠳᠡ ᠤᠷᠮᠠᠰᠢᠭᠤᠯᠪᠠ᠃ ︽ᠬᠤᠶᠢᠰᠢᠳᠠ ᠪᠢᠳᠡ ᠶᠡᠷᠦᠩᠬᠡᠢ ᠱᠦᠵᠢ ᠶᠢᠨ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠠᠮᠤᠭ ᠤᠨ ᠰᠢᠨ᠎ᠡ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠥᠷᠭᠡᠨ ᠤᠯᠠᠨ ᠲᠠᠷᠢᠶᠠᠴᠢᠨ ᠡᠷᠦᠭᠡ ᠳᠤ | ᠳᠡᠯᠭᠡᠷᠡᠭᠦᠯᠦᠨ᠎ᠡ︾ ᠭᠡᠵᠦ ᠶᠠᠷᠢᠨ᠎ᠠ᠃ | ᠰᠢᠯᠢᠩᠬᠤᠲᠠ ᠶᠢᠨ ᠪᠤᠯᠠᠭᠠᠨ ᠰᠤᠮᠤ ᠶᠢᠨ 70 ᠨᠠᠰᠤᠲᠠᠢ ᠲᠠᠭᠢᠮᠠ ᠨᠠᠰᠤᠲᠠᠨ ᠲᠧᠯᠸᠢᠰ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠭᠰᠠᠨ ᠰᠣᠨᠢᠨ ᠮᠡᠳᠡᠭᠡ ᠶᠢ ᠦᠵᠡᠭᠡᠳ ᠰᠡᠳᠬᠢᠯ ᠳᠣᠭᠳᠣᠯᠵᠤ᠄ ︽2014 ᠣᠨ ᠳᠤ ᠶᠡᠷᠦᠩᠬᠡᠢ ᠱᠦᠵᠢ ᠮᠢᠨᠤ ᠬᠢᠭᠰᠡᠨ ᠥᠷᠥᠮ᠎ᠡ ᠶᠢ | ᠠᠮᠲᠠᠯᠠᠭᠠᠳ ︿ᠮᠠᠰᠢ ᠠᠮᠲᠠᠲᠠᠢ﹀ ᠭᠡᠵᠦ ᠬᠡᠯᠡᠭᠰᠡᠨ ᠠ᠋︾ ᠭᠡᠵᠦ ᠶᠠᠷᠢᠵᠤ ᠪᠠᠶᠢᠯ᠎ᠠ᠃ | 2015 ᠣᠨ ᠳᠤ ᠳᠠᠭᠢᠮᠠ ᠶᠢᠨ ᠬᠢᠨ ᠬᠡᠰᠢᠭᠲᠡᠢ ᠮᠠᠯᠴᠢᠳ ᠤᠨ ᠲᠤᠰᠬᠠᠢ ᠬᠤᠷᠰᠢᠶ᠎ᠠ ᠪᠠᠶᠢᠭᠤᠯᠵᠤ᠂ ᠮᠠᠯ ᠤᠨ ᠠᠰᠢᠭ ᠰᠢᠮ᠎ᠡ ᠪᠣᠷᠣᠯᠠᠭᠤᠯᠬᠤ ᠠᠷᠭ᠎ᠠ ᠵᠠᠮ ᠢ | ᠥᠷᠭᠡᠳᠬᠡᠵᠦ᠂ ᠤᠯᠠᠮᠵᠢᠯᠠᠯᠲᠤ ᠴᠠᠭᠠᠨ ᠢᠳᠡᠭᠡᠨ ᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠪᠠᠷᠢᠮᠲᠠᠯᠠᠪᠠ᠃ ︽ᠮᠠᠨ ᠤ ᠤᠯᠤᠰ ᠤᠨ ᠤᠮᠠᠷᠠᠲᠤ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠶᠡᠷᠦᠩᠬᠡᠢ ᠱᠦᠵᠢ ᠬᠡᠯᠡᠭᠰᠡᠨ ᠶᠤᠮ᠃ ᠪᠢᠳᠡ ᠥᠪᠡᠷ ᠤᠨ ᠪᠡᠶ᠎ᠡ ᠠᠴᠠ ᠪᠠᠨ | ᠡᠬᠢᠯᠡᠨ᠂ ᠵᠢᠵᠢᠭ ᠶᠠᠪᠤᠳᠠᠯ ᠠᠴᠠ ᠭᠠᠷᠲᠠᠨ ᠬᠢᠵᠦ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠤᠭᠴᠢ᠂ ᠠᠬᠢᠭᠤᠯᠤᠭᠴᠢ᠂ | ᠦᠢᠯᠡᠳᠦᠯᠭᠡᠵᠢᠭᠦᠯᠦᠭᠴᠢ᠂ ᠬᠢᠨᠠᠯᠲᠠ ᠲᠠᠯᠪᠢᠭᠴᠢ ᠪᠣᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠶᠠᠷᠢᠵᠤ | ᠪᠠᠶᠢᠯ᠎ᠠ᠃ | 2019 ᠣᠨ ᠳᠤ ᠠᠬᠤᠢ ᠲᠠᠯᠠᠪᠠᠢ ᠳᠤ ᠶᠡᠷᠦᠩᠬᠡᠢ ᠱᠦᠵᠢ ᠶᠢᠨ ᠰᠤᠷᠭᠠᠯ ᠪᠣᠯᠣᠨ ᠬᠦᠰᠡᠯ ᠨᠠᠶᠢᠳᠠᠯᠭ᠎ᠠ ᠶᠢ ᠰᠣᠨᠣᠰᠴᠤ ᠥᠩᠭᠡᠷᠡᠭᠰᠡᠨ ᠥᠪᠥᠷ | ᠮᠣᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠲᠠᠨ ᠵᠦᠢ ᠪᠣᠯᠣᠨ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ 2021 ᠣᠨ ᠤ ᠠᠰᠫᠢᠷᠠᠨᠲ ᠤᠷᠠᠨ᠎ᠠ ᠰᠣᠨᠢᠨ | ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ ᠶᠢ ᠦᠵᠡᠭᠡᠳ ᠲᠤᠩ ᠤᠷᠮᠠᠰᠢᠯᠠ᠃ ︽ᠶᠡᠷᠦᠩᠬᠡᠢ ᠱᠦᠵᠢ ᠥᠪᠥᠷ ᠮᠣᠩᠭᠤᠯ ᠳᠤ ᠳᠠᠬᠢᠨᠲᠠ ᠰᠢᠨᠵᠢᠯᠡᠨ | ᠪᠠᠶᠢᠴᠠᠭᠠᠭᠰᠠᠨ ᠨᠢ ᠨᠠᠳᠠ ᠳᠤ ᠮᠠᠰᠢ ᠶᠡᠭᠡ ᠵᠣᠷᠢᠭᠵᠢᠭᠤᠯᠤᠯ ᠪᠣᠯᠪᠠ᠂ ᠪᠢ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ | ᠂ ᠬᠦᠨᠳᠦ ᠡᠭᠦᠷᠭᠡ ᠶᠢ ᠡᠭᠦᠷᠭᠡᠯᠡᠵᠦ᠂ ᠪᠦᠯᠬᠦᠮᠳᠡᠨ ᠲᠡᠮᠡᠴᠡᠵᠦ᠂ ᠵᠠᠯᠠᠭᠤ ᠨᠠᠰᠤᠨ ᠤ ᠬᠦᠰᠡᠯ ᠵᠡᠭᠦᠳᠦ ᠪᠠᠨ ᠤᠮᠠᠷᠠᠲᠤ ᠬᠢᠯᠢ ᠶᠢᠨ ᠬᠥᠭᠵᠢᠯᠲᠡ ᠶᠢᠨ ᠶᠡᠭᠡ | ᠤᠷᠤᠰᠬᠠᠯ ᠳᠤ ᠠᠭᠤᠰᠤᠯᠴᠠᠭᠤᠯᠤᠨ᠎ᠠ︾ ᠭᠡᠵᠦ ᠤᠷᠠᠨ᠎ᠠ ᠶᠠᠷᠢᠨ᠎ᠠ᠃ | ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠭᠠᠵᠠᠷ ᠤᠨ ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠢ | ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠰᠣᠨᠢᠨ ᠮᠡᠳᠡᠭᠡ ᠶᠢ ᠦᠵᠡᠪᠡ᠃ | ᠤᠯᠠᠨ ᠢᠶᠠᠷ ᠢᠶᠠᠨ ᠮᠠᠰᠢ ᠶᠡᠭᠡ ᠤᠷᠮᠠᠰᠢᠨ ᠵᠣᠷᠢᠭᠵᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠥ᠂ | ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ ᠭᠡᠵᠦ ᠰᠠᠨᠠᠯ ᠨᠢᠭᠡᠲᠡᠢ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠶᠢᠨ | ᠳᠡᠳ᠋ ᠳᠠᠷᠤᠭ᠎ᠠ ᠶᠦᠨ ᠯᠢ ᠭᠠᠩ᠄ ︽ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠨᠢ ᠣᠷᠴᠢᠨ | ᠠᠬᠤᠢ ᠶᠢ ᠬᠠᠮᠠᠭᠠᠯᠠᠬᠤ ᠭᠤᠣᠯ ᠬᠦᠴᠦᠨ ᠪᠣᠯᠤᠭᠰᠠᠨ ᠤ ᠬᠤᠪᠢ ᠳᠤ᠂ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠨᠢᠭᠡᠳᠦᠭᠡᠷ ᠹᠷᠣᠨᠲ ᠲᠤ | ᠭᠠᠪᠰᠢᠭᠠᠶᠢᠯᠠᠬᠤ ᠬᠡᠷᠡᠭᠲᠡᠢ᠃ ᠪᠢᠳᠡ ᠬᠥᠬᠡᠮᠳᠦᠭ ᠨᠣᠭᠤᠭᠠᠨ ᠠᠭᠤᠯᠠ ᠤᠰᠤᠨ ᠤ ᠪᠠᠲᠤ ᠴᠢᠩᠭ᠎ᠠ ᠬᠠᠮᠠᠭᠠᠯᠠᠭᠴᠢ ᠶᠢᠨ ᠡᠩᠨᠡᠭᠡ ᠶᠢ ᠪᠠᠶᠢᠭᠤᠯᠵᠤ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ | ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ | ᠣᠷᠣᠨ ᠢ ᠰᠠᠶᠢᠲᠤᠷ ᠰᠠᠬᠢᠨ ᠬᠠᠮᠠᠭᠠᠯᠠᠨ᠎ᠠ︾ ᠭᠡᠵᠦ ᠶᠠᠷᠢᠵᠤ ᠪᠠᠶᠢᠯ᠎ᠠ᠃ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠨ᠎ᠠ | ᠶᠡᠷᠦᠩᠬᠡᠢ ᠱᠦᠵᠢ ᠶᠢᠨ ᠪᠠᠶᠠᠨᠨᠠᠭᠤᠷ ᠲᠤ ᠥᠭᠭᠦᠭᠰᠡᠨ ᠰᠢᠷᠢᠰ ᠴᠢᠬᠤᠯᠠ ᠵᠢᠭᠠᠪᠤᠷᠢ ᠨᠢ ᠲᠤᠬᠠᠢ ᠶᠢᠨ ᠭᠠᠵᠠᠷ ᠤᠨ ᠬᠥᠭᠵᠢᠯᠲᠡ ᠶᠢᠨ ᠠᠯᠢ ᠤᠯᠠᠨ ᠴᠢᠬᠤᠯᠠ | ᠶᠡᠭᠡ ᠠᠰᠠᠭᠤᠳᠠᠯ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ᠤᠯᠠᠨ ᠢᠶᠠᠷ ᠢᠶᠠᠨ᠂ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ | ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠤᠳᠠᠭᠠᠨ ᠳᠠᠭᠠᠭᠠᠮᠠᠭᠠᠢ ᠪᠠᠷ ᠵᠢᠳᠬᠦᠨ | ᠴᠢᠷᠮᠠᠶᠢᠨ᠎ᠠ ᠭᠡᠵᠦ ᠢᠯᠡᠳᠬᠡᠵᠡᠭᠡᠪᠡ᠃ | ᠥᠩᠭᠡᠷᠡᠭᠰᠡᠨ ᠳᠤ᠂ ᠪᠠᠶᠢᠭᠠᠯᠢ ᠶᠢᠨ ᠨᠥᠬᠦᠪᠦᠷᠢ ᠤᠰᠤᠨ ᠤ ᠬᠡᠮᠵᠢᠶ᠎ᠡ ᠪᠠᠭᠠᠰᠤᠭᠰᠠᠨ᠂ ᠠᠵᠤ ᠦᠢᠯᠡᠳᠪᠦᠷᠢ ᠲᠠᠷᠢᠶᠠᠯᠠᠩ ᠤᠨ ᠬᠠᠶᠠᠭᠳᠠᠮᠠᠯ ᠤᠰᠤ ᠪᠣᠯᠣᠨ | ᠠᠮᠢᠳᠤᠷᠠᠯ ᠤᠨ ᠪᠣᠬᠢᠷ ᠤᠰᠤ ᠶᠢ ᠭᠠᠳᠠᠭᠰᠢᠯᠠᠭᠤᠯᠤᠭᠰᠠᠨ ᠵᠡᠷᠭᠡ ᠰᠢᠯᠲᠠᠭᠠᠨ ᠠᠴᠠ ᠪᠣᠯᠵᠤ᠂ ᠤᠯᠠᠭᠠᠨᠰᠤᠬᠠᠢ ᠶᠢᠨ ᠠᠮᠢ ᠠᠬᠤᠢ ᠶᠢᠨ ᠴᠢᠳᠠᠮᠵᠢ ᠬᠦᠨᠳᠦ ᠨᠣᠴᠢᠲᠠᠢ | ᠮᠠᠭᠤᠳᠠᠵᠤ᠂ ︽ᠠᠷᠤ ᠭᠠᠵᠠᠷ ᠤᠨ ᠬᠡᠷᠡᠯᠳᠦ ᠰᠤᠪᠤᠳ︾ ᠥᠩᠭᠡ ᠭᠡᠷᠡᠯ ᠢᠶᠠᠨ ᠠᠯᠳᠠᠨ᠂ ᠠᠮᠢ ᠠᠬᠤᠢ ᠶᠢᠨ ᠵᠠᠰᠠᠯᠲᠠ ᠪᠠᠴᠢᠮ ᠲᠤᠯᠭᠠᠮ ᠪᠣᠯᠵᠤ᠂ ᠶᠡᠷᠦᠩᠬᠡᠢ | ᠱᠦᠵᠢ ᠤᠯᠠᠭᠠᠨᠰᠤᠬᠠᠢ ᠶᠢᠨ ᠵᠠᠰᠠᠯᠲᠠ ᠳᠤ ᠤᠷᠢᠳ ᠬᠤᠵᠢᠳ 7 ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠪᠡ᠃ | ᠣᠯᠠᠨ ᠵᠢᠯ ᠤᠨ ᠶᠡᠷᠦᠩᠬᠡᠶᠢᠯᠡᠭᠰᠡᠨ ᠵᠠᠰᠠᠯᠲᠠ ᠪᠠᠷ ᠳᠡᠮᠵᠢᠨ᠂ ︽ᠠᠷᠤ ᠭᠠᠵᠠᠷ ᠤᠨ ᠬᠡᠷᠡᠯᠳᠦ ᠰᠤᠪᠤᠳ︾ ᠤᠨ ᠥᠩᠭᠡ ᠦᠵᠡᠮᠵᠢ ᠳᠠᠭᠢᠨ ᠰᠡᠷᠭᠦᠪᠡ᠃ | ᠤᠯᠠᠭᠠᠨᠰᠤᠬᠠᠢ ᠶᠢᠨ ᠰᠠᠪᠠ ᠭᠠᠵᠠᠷ ᠢ ᠬᠠᠮᠠᠭᠠᠯᠠᠨ ᠰᠡᠷᠭᠦᠭᠡᠵᠦ᠂ ᠶᠡᠷᠦᠩᠬᠡᠶᠢᠯᠡᠨ ᠵᠠᠰᠠᠬᠤ ᠠᠵᠢᠯ ᠨᠢ ᠲᠣᠰ ᠲᠣᠰ ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ | ᠬᠤᠯᠪᠤᠭ᠎ᠠ ᠶᠢᠨ ᠳᠤᠮᠳᠠᠳᠤ ᠤᠯᠤᠰ ᠤᠨ ᠠᠷᠪᠠᠨ ᠶᠡᠭᠡ ᠣᠨᠴᠠᠯᠢᠭᠲᠤ ᠠᠮᠢ ᠠᠬᠤᠢ ᠶᠢ ᠵᠠᠰᠠᠨ ᠰᠡᠷᠭᠦᠭᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠳᠤᠮᠳᠠᠳᠤ | ᠤᠯᠤᠰ ᠤᠨ ᠥᠭᠡᠷᠡᠴᠢᠯᠡᠯᠲᠡ ᠶᠢᠨ 2021 ᠣᠨ ᠤ ᠬᠡᠷᠡᠭ ᠤᠨ ᠵᠢᠱᠢᠶ᠎ᠡ ᠳᠤ ᠰᠣᠩᠭᠤᠭᠳᠠᠪᠠ᠃ | 6 ᠰᠠᠷ᠎ᠠ ᠶᠢᠨ 6 ᠤ ᠦᠳᠡ ᠶᠢᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨ ᠬᠤᠸᠠ | ᠤᠢ ᠰᠢᠭᠤᠢ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠬᠤ ᠳᠤ᠂ ᠤᠢ ᠰᠢᠭᠤᠢ ᠶᠢᠨ ᠲᠠᠯᠠᠪᠠᠢ ᠶᠢᠨ ᠠᠵᠢᠯᠲᠠᠨ ᠵᠦᠩ ᠹᠠᠩ ᠱᠤᠸᠠᠢ ᠲᠦᠢᠯ ᠢᠶᠠᠷ ᠰᠡᠳᠬᠢᠯ | ᠳᠣᠭᠳᠣᠯᠵᠤ᠄ ︽ᠡᠨᠡ ᠬᠦ ᠤᠢ ᠰᠢᠭᠤᠢ ᠳᠤ ᠭᠤᠷᠪᠠᠨ ᠦᠶ᠎ᠡ ᠶᠢᠨ ᠬᠥᠮᠥᠰ ᠤᠨ ᠬᠦᠴᠦ ᠬᠥᠯᠥᠰᠦ ᠰᠢᠩᠭᠡᠵᠦ ᠪᠤᠢ᠂ ᠬᠡᠳᠦ᠋ᠢᠪᠡᠷ ᠠᠵᠢᠯ ᠨᠢ ᠶᠠᠳᠠᠷᠠᠯᠲᠠᠢ ᠪᠤᠯᠪᠠᠴᠤ | ᠂ ᠡᠳᠦᠷ ᠠᠴᠠ ᠡᠳᠦᠷ ᠪᠦᠳᠦᠭᠦᠷᠡᠬᠦ ᠮᠣᠳᠣ ᠨᠢ ᠨᠠᠳᠠ ᠮᠠᠰᠢ ᠶᠡᠭᠡ ᠪᠠᠭ᠋ᠠᠷᠬᠠᠯ ᠲᠥᠷᠥᠭᠳᠡᠭᠦᠯᠦᠨ᠎ᠡ᠃ ᠬᠤᠵᠢᠮ ᠪᠢ ᠯᠠᠪ ᠴᠢᠷᠮᠠᠶᠢᠨ ᠠᠵᠢᠯᠯᠠᠵᠤ᠂ ᠠᠬᠠᠮᠠᠳ | ᠦᠶ᠎ᠡ ᠶᠢᠨ ᠬᠢᠨ ᠤ ᠦᠢᠯᠡᠰ ᠢ ᠤᠯᠠᠮᠵᠢᠯᠠᠨ ᠵᠠᠯᠭᠠᠮᠵᠢᠯᠠᠵᠤ ᠨᠠᠰᠤᠨ ᠲᠤᠷᠰᠢᠲᠠ ᠲᠡᠮᠡᠴᠡᠨ᠎ᠡ︾ ᠭᠡᠵᠦ ᠶᠠᠷᠢᠨ᠎ᠠ᠃ | ᠤᠯᠤᠰ ᠤᠨ ᠡᠵᠡᠩᠨᠡᠯᠲᠡ ᠶᠢᠨ ᠰᠢᠨ ᠬᠤᠸᠠ ᠤᠢ ᠰᠢᠭᠤᠢ ᠶᠢᠨ ᠲᠠᠯᠠᠪᠠᠢ ᠨᠢ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ | ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ᠂ ᠶᠡᠭᠡ ᠬᠡᠮᠵᠢᠶᠡᠨ ᠤ ᠭᠠᠵᠠᠷ ᠰᠢᠷᠣᠢ | ᠴᠦᠯᠯᠡᠷᠭᠡᠭᠵᠢᠭᠦ ᠠᠰᠠᠭᠤᠳᠠᠯ ᠢ ᠰᠢᠢᠳᠪᠦᠷᠢᠯᠡᠵᠦ᠂ 1978 ᠣᠨ ᠠᠴᠠ ᠣᠲᠣ ᠪᠤᠯᠲᠠᠯ᠎ᠠ ᠨᠡᠶᠢᠲᠡ 3.9 ᠲᠦᠮᠡᠨ ᠮᠦ ᠭᠠᠵᠠᠷ ᠰᠢᠷᠣᠢ ᠶᠢ ᠣᠶᠢᠵᠢᠭᠤᠯᠪᠠ᠃ | ᠤᠯᠠᠭᠠᠨᠴᠠᠪ ᠬᠤᠲᠠ ᠣᠲᠣ ᠪᠤᠯᠲᠠᠯ᠎ᠠ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 219.1 | ᠲᠦᠮᠡᠨ ᠮᠦ ᠪᠡᠶᠡᠯᠡᠭᠦᠯᠪᠡ︔ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ᠂ ᠬᠥᠮᠥᠨ ᠤ ᠬᠦᠴᠦ ᠪᠠᠷ ᠡᠪᠡᠰᠦ ᠳᠠᠷᠢᠬᠤ ᠵᠢᠴᠢ ᠨᠤᠲᠤᠭ ᠪᠡᠯᠴᠢᠭᠡᠷ ᠢ | ᠰᠠᠶᠢᠵᠢᠷᠠᠭᠤᠯᠬᠤ ᠶᠢ 128.26 ᠲᠦᠮᠡᠨ ᠮᠦ ᠪᠡᠶᠡᠯᠡᠭᠦᠯᠪᠡ᠃ | ᠪᠦᠭᠦ ᠣᠷᠣᠨ ᠤ ᠴᠣᠷ ᠤᠨ ᠭᠠᠭᠴᠠ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠠᠶᠢᠮᠠᠭ᠂ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠵᠡᠷᠭᠡ ᠬᠤᠶᠠᠷ ᠵᠦᠢᠯ ᠤᠨ | ᠢᠷᠠᠭᠤ ᠠᠯᠳᠠᠷ ᠢ ᠭᠥᠷᠳᠡᠭᠰᠡᠨ ᠠᠶᠢᠮᠠᠭ ᠬᠤᠲᠠ ᠪᠣᠯᠤᠭᠰᠠᠨ ᠤ ᠬᠤᠪᠢ ᠳᠤ᠂ ᠣᠳᠣᠬᠠᠨ ᠳᠤ ᠬᠢᠩᠭᠠᠨ ᠠᠶᠢᠮᠠᠭ ᠤᠨ ᠣᠶ ᠰᠢᠭᠤᠢ ᠶᠢᠨ ᠪᠦᠷᠬᠦᠴᠡ ᠶᠢᠨ ᠨᠣᠷᠮ᠎ᠠ | ᠪᠠ ᠪᠠᠶᠢᠭᠠᠯᠢᠯᠢᠭ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠤᠷᠮ᠎ᠠ ᠨᠢ ᠲᠣᠰ ᠲᠣᠰ 33.44% ᠪᠠ 74.14% ᠳᠤ ᠬᠦᠷᠴᠦ | ᠂ ᠪᠦᠭᠦ ᠣᠷᠣᠨ ᠤ ᠬᠡᠮᠵᠢᠶ᠎ᠡ ᠠᠴᠠ ᠲᠤᠰ ᠲᠤᠰ ᠵᠠᠭᠤᠨ ᠤ ᠬᠠᠷᠢᠴᠠᠯ ᠢᠶᠠᠷ 10 ᠬᠤᠪᠢ ᠪᠠ 30 ᠬᠤᠪᠢ ᠥᠨᠳᠥᠷ ᠪᠣᠯᠪᠠ᠃ | ᠣᠶᠢᠷ᠎ᠠ ᠶᠢᠨ ᠵᠢᠯ ᠤᠨ ᠲᠤᠷᠰᠢ᠂ ᠠᠯᠠᠱᠠ ᠠᠶᠢᠮᠠᠭ ᠨᠢᠰᠬᠡᠯ ᠢᠶᠠᠷ ᠣᠶᠢᠵᠢᠭᠤᠯᠵᠤ ᠡᠪᠡᠰᠦ ᠳᠠᠷᠢᠬᠤ᠂ ᠪᠢᠲᠡᠭᠦᠮᠵᠢᠯᠡᠨ ᠬᠦᠷᠢᠶᠡᠯᠡᠵᠦ ᠪᠤᠶᠢᠵᠢᠭᠤᠯᠬᠤ᠂ | ᠬᠥᠮᠥᠨ ᠤ ᠬᠦᠴᠦ ᠪᠠᠷ ᠣᠶᠢᠵᠢᠭᠤᠯᠵᠤ ᠡᠪᠡᠰᠦ ᠳᠠᠷᠢᠬᠤ ︽ᠭᠤᠷᠪᠠ ᠶᠢ ᠨᠢᠭᠡ ᠴᠣᠭᠴᠠᠵᠢᠭᠤᠯᠬᠤ︾ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠮᠢ | ᠠᠬᠤᠢ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ︽ᠡᠯᠡᠰᠦ ᠤᠷᠤᠭᠰᠢᠯᠠᠵᠤ ᠬᠥᠮᠥᠨ | ᠤᠬᠤᠷᠢᠬᠤ︾ ᠠᠴᠠ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠭᠰᠠᠨ︾ ᠬᠤᠪᠢᠷᠠᠯᠲᠠ ᠶᠢ ᠪᠡᠶᠡᠯᠡᠭᠦᠯᠪᠡ᠃ | ︽2022 ᠣᠨ ᠤ ᠡᠴᠦᠰ ᠪᠤᠯᠲᠠᠯ᠎ᠠ᠂ ᠠᠯᠠᠱᠠ ᠠᠶᠢᠮᠠᠭ ᠴᠦᠯᠯᠡᠷᠭᠡᠭᠵᠢᠭᠰᠡᠨ ᠭᠠᠵᠠᠷ ᠰᠢᠷᠣᠢ ᠶᠢ ᠨᠡᠶᠢᠲᠡ 9100 ᠭᠠᠷᠤᠢ ᠲᠦᠮᠡᠨ ᠮᠦ ᠶᠡᠷᠦᠩᠬᠡᠶᠢᠯᠡᠨ | ᠵᠠᠰᠠᠵᠤ᠂ ᠪᠦᠭᠦ ᠠᠶᠢᠮᠠᠭ ᠤᠨ ᠨᠤᠲᠤᠭ ᠪᠡᠯᠴᠢᠭᠡᠷ ᠪᠠ ᠣᠶ ᠰᠢᠭᠤᠢ ᠶᠢᠨ ᠡᠬᠢ ᠪᠠᠶᠠᠯᠢᠭ ᠤᠨ ᠶᠡᠷᠦᠩᠬᠡᠢ ᠲᠠᠯᠠᠪᠠᠶ ᠲᠣᠰ ᠲᠣᠰ 13251.97 ᠲᠦᠮᠡᠨ ᠮᠦ ᠪᠠ | 3001 ᠲᠦᠮᠡᠨ ᠮᠦ ᠳᠤ ᠬᠦᠷᠴᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠠᠶᠢᠮᠠᠭ ᠪᠠᠶᠢᠭᠤᠯᠤᠭᠳᠠᠭᠰᠠᠨ ᠡᠬᠢᠨ ᠤ ᠦᠶ᠎ᠡ ᠶᠢᠨ 2.96% | ᠪᠠᠶᠢᠭᠰᠠᠨ ᠠᠴᠠ ᠪᠠᠨ 8.37% ᠪᠣᠯᠣᠨ ᠨᠡᠮᠡᠭᠳᠡᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 15% ᠬᠦᠷᠬᠦ ᠦᠭᠡᠢ | ᠪᠠᠶᠢᠭᠰᠠᠨ ᠠᠴᠠ ᠪᠠᠨ 23.18% ᠳᠤ ᠬᠦᠷᠴᠡᠢ᠃ ᠠᠮᠢ ᠠᠬᠤᠢ ᠣᠷᠴᠢᠨ ᠲᠣᠭᠤᠷᠢᠨ ᠮᠠᠭᠤᠳᠠᠬᠤ ᠬᠠᠨᠳᠤᠰᠢ ᠶᠢ ᠪᠦᠬᠦᠯᠢ ᠴᠣᠭᠴᠠ ᠪᠠᠷ ᠨᠢ ᠬᠤᠷᠢᠭᠯᠠᠵᠤ᠂ | ᠭᠤᠣᠯᠳᠠᠯᠭ᠎ᠠ ᠲᠠᠢ ᠵᠠᠰᠠᠭᠰᠠᠨ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠪᠠ︾ ᠭᠡᠵᠦ ᠠᠯᠠᠱᠠ ᠠᠶᠢᠮᠠᠭ ᠤᠨ ᠣᠶ ᠰᠢᠭᠤᠢ | ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠯᠡᠰᠦ ᠶᠢ ᠵᠠᠰᠠᠵᠤ ᠣᠶᠢᠵᠢᠭᠤᠯᠬᠤ ᠰᠠᠯᠠᠭᠠᠨ ᠤ ᠳᠠᠷᠤᠭ᠎ᠠ ᠬᠠᠢ ᠯᠢᠶᠠᠨ ᠬᠡᠯᠡᠪᠡ᠃ | ᠪᠦᠭᠦ ᠤᠯᠤᠰ ᠤᠨ ᠬᠠᠮᠤᠭ ᠤᠨ ᠶᠡᠭᠡ ᠡᠯᠡᠰᠦᠨ ᠴᠥᠯ ᠤᠨ ᠲᠥᠪᠯᠡᠷᠡᠩᠭᠦᠢ ᠮᠠᠶ᠋ᠢᠭ ᠤᠨ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ᠰᠠᠭᠤᠷᠢᠨ ᠪᠠ | ᠳᠡᠯᠡᠬᠡᠢ ᠶᠢᠨ ᠬᠠᠮᠤᠭ ᠤᠨ ᠶᠡᠭᠡ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠪᠠᠶᠢᠭ᠎ᠠ ᠭᠠᠵᠠᠷ — ᠣᠷᠳᠣᠰ ᠬᠤᠲᠠ ᠶᠢᠨ ᠳᠠᠯᠠᠳ ᠭᠡᠷᠡᠯᠴᠢ | ᠴᠡᠨᠡᠭ ᠤᠨ ᠰᠠᠭᠤᠷᠢᠨ ᠳᠤ᠂ ︽ᠰᠢᠷᠭᠠᠯ ᠡᠯᠡᠰᠦ᠂ ᠬᠥᠬᠡᠮᠳᠦᠭ ᠳᠠᠯᠠᠢ᠂ ᠨᠣᠭᠤᠭᠠᠨ ᠪᠦᠷᠢᠳᠦ︾ ᠶᠢᠨ ᠡᠲᠡᠭᠡᠳ ᠦᠵᠡᠮᠵᠢ ᠪᠦᠷᠢᠳᠴᠦ᠂ ᠠᠮᠢ ᠠᠬᠤᠢ ᠶᠢᠨ | ᠵᠠᠰᠠᠯᠲᠠ ᠶᠢᠨ ᠦᠷ᠎ᠡ ᠪᠦᠲᠦᠮᠵᠢ ᠨᠢ ᠢᠯᠡᠳᠲᠡ ᠪᠠᠶᠢᠯ᠎ᠠ᠃ ᠡᠨᠡ ᠪᠣᠯ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠣᠷᠳᠣᠰ ᠤᠨ ᠪᠣᠳᠠᠲᠠᠢ ᠦᠢᠯᠡᠳᠦᠯᠭᠡ ᠪᠣᠯᠣᠨ᠎ᠠ᠃ | 2017 ᠣᠨ ᠳᠤ᠂ ᠣᠷᠳᠣᠰ ᠬᠤᠲᠠ ᠰᠢᠨ᠎ᠡ ᠡᠨᠧᠷᠭᠢ ᠶᠢᠨ ᠬᠥᠭᠵᠢᠯᠲᠡ ᠪᠠ ᠴᠦᠯᠯᠡᠷᠭᠡᠭᠵᠢᠯ ᠢ ᠵᠠᠰᠠᠬᠤ ᠪᠠᠷ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠵᠢᠴᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠠᠷᠭ᠎ᠠ ᠬᠡᠮᠵᠢᠶ᠎ᠡ ᠪᠤᠯᠭᠠᠵᠤ᠂ ᠬᠥᠪᠴᠢ ᠶᠢᠨ ᠡᠯᠡᠰᠦ ᠶᠢᠨ ᠡᠯᠪᠡᠭ ᠪᠠᠶᠠᠯᠢᠭ ᠨᠡᠷᠡᠨ ᠤ ᠡᠨᠧᠷᠭᠢ ᠶᠢᠨ ᠡᠬᠢ ᠪᠠᠶᠠᠯᠢᠭ᠂ ᠥᠷᠭᠡᠨ ᠠᠭᠤᠳᠠᠮ ᠭᠠᠵᠠᠷ | ᠰᠢᠷᠣᠢ ᠶᠢᠨ ᠡᠬᠢ ᠪᠠᠶᠠᠯᠢᠭ ᠲᠤ ᠲᠦᠰᠢᠭᠯᠡᠨ᠂ ︽ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ︾ ᠰᠢᠨ᠎ᠡ ᠵᠠᠭᠪᠤᠷ ᠢ ᠰᠦᠪᠡᠭᠴᠢᠯᠡᠵᠦ᠂ ᠳᠠᠯᠠᠳ ᠭᠡᠷᠡᠯᠴᠢ ᠴᠡᠨᠡᠭ ᠤᠨ | ᠰᠠᠭᠤᠷᠢᠨ ᠡᠶᠢᠨ ᠬᠦ ᠪᠠᠶᠢᠭᠤᠯᠤᠭᠳᠠᠪᠠ᠃ | ᠨᠢᠮᠪᠠᠢ ᠰᠤᠷᠤᠯᠴᠠᠨ ᠴᠢᠷᠮᠠᠶᠢᠨ ᠭᠦᠢᠴᠡᠳᠬᠡᠵᠦ ᠢᠳᠡᠷᠡᠭᠦᠨ ᠠᠯᠬᠤᠭ᠎ᠠ ᠪᠠᠷ ᠤᠷᠤᠭᠰᠢᠯᠠᠨ᠎ᠠ | ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠵᠤ᠂ ᠶᠡᠷᠦᠩᠬᠡᠢ ᠱᠦᠵᠢ ᠶᠢᠨ | ᠵᠢᠷᠤᠭᠯᠠᠭᠰᠠᠨ ᠠᠤᠭ᠎ᠠ ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠡᠷᠡᠯᠬᠡᠭᠯᠡᠨ ᠤᠷᠤᠭᠰᠢᠯᠠᠨ᠎ᠠ ᠭᠡᠵᠦ | ᠢᠯᠡᠳᠬᠡᠵᠡᠭᠡᠪᠡ᠃ | ︽ᠶᠡᠷᠦᠩᠬᠡᠢ ᠱᠦᠵᠢ ᠡᠯᠡᠰᠦᠨ ᠴᠠᠷ᠎ᠠ᠂ ᠳᠡᠯᠭᠡᠴᠡ ᠲᠠᠢ ᠤᠶᠠᠯᠳᠤᠭᠤᠯᠤᠨ᠂ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢ ᠬᠢᠨᠠᠨ ᠬᠡᠮᠵᠢᠬᠦ ᠠᠷᠭ᠎ᠠ | ᠪᠠᠷᠢᠯ ᠢ ᠣᠶᠢᠯᠠᠭᠠᠭᠰᠠᠨ ᠤ ᠳᠠᠷᠠᠭ᠎ᠠ ᠳᠤᠷᠠᠳᠤᠭᠰᠠᠨ ᠵᠢᠭᠠᠪᠤᠷᠢ ᠴᠣᠬᠤᠯᠠᠪᠤᠷᠢ ᠨᠢ ᠪᠢᠳᠡᠨ ᠤ ᠬᠤᠶᠢᠰᠢᠳᠠ ᠶᠢᠨ ᠠᠵᠢᠯ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ | 6 ᠰᠠᠷ᠎ᠠ ᠶᠢᠨ 6 ᠤ ᠦᠳᠡ ᠶᠢᠨ ᠡᠮᠦᠨ᠎ᠡ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ | ᠲᠥᠪ ᠲᠤ᠂ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠨᠠᠮ ᠤᠨ | ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠭᠢᠯᠡᠭᠴᠢ ᠵᠠᠩ ᠭᠤᠸᠠᠩ ᠮᠢᠩ ᠶᠡᠷᠦᠩᠬᠡᠢ ᠱᠦᠵᠢ ᠰᠢ ᠶᠢᠨ ᠫᠢᠩ ᠤᠨ ᠬᠦᠷᠴᠦ ᠢᠷᠡᠭᠰᠡᠨ ᠳᠤ ᠲᠦᠢᠯ ᠢᠶᠠᠷ | ᠰᠡᠳᠬᠢᠯ ᠳᠣᠭᠳᠣᠯᠵᠤ᠂ ︽ᠪᠢᠳᠡ ᠦᠷᠭᠦᠯᠵᠢᠯᠡᠨ ︿ᠤᠰᠤ ᠶᠢ ᠤᠷᠢᠳ ᠢᠶᠠᠷ ᠠᠷᠪᠢᠯᠠᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ | ᠂ ᠬᠤᠶᠠᠷ ᠲᠠᠯ᠎ᠠ ᠪᠠᠷ ᠬᠦᠴᠦᠯᠡᠬᠦ﹀ ᠱᠠᠭᠠᠷᠳᠠᠯᠭ᠎ᠠ ᠶᠣᠰᠣᠭᠠᠷ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠪᠣᠬᠢᠷᠳᠤᠯ ᠦᠭᠡᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠤᠨ᠎ᠠ︾ ᠭᠡᠪᠡ᠃ | ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠲᠠᠷᠢᠶᠠᠯᠠᠩ ᠤᠨ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠲᠣᠭᠲᠠᠭᠤᠨ ᠢᠶᠠᠷ | ᠡᠭᠦᠷᠭᠡᠯᠡᠬᠦ ᠶᠢᠨ ᠬᠠᠮᠲᠤ᠂ ︽ᠤᠰᠤᠨ ᠤ ᠬᠡᠮᠵᠢᠶ᠎ᠡ ᠪᠠᠷ ᠬᠢᠵᠦ᠂ ᠤᠰᠤᠨ ᠤ ᠬᠡᠮᠵᠢᠶ᠎ᠡ ᠪᠠᠷ ᠠᠮᠤ ᠪᠤᠳᠠᠭ᠎ᠠ ᠶᠢ ᠲᠣᠭᠲᠠᠭᠠᠬᠤ︾ ᠶᠢ ᠢᠮᠠᠭᠲᠠ ᠪᠠᠷᠢᠮᠲᠠᠯᠠᠨ᠂ ᠥᠨᠳᠥᠷ | ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠲᠠᠷᠢᠶᠠᠨ ᠭᠠᠵᠠᠷ ᠤᠨ ᠤᠰᠤᠨ ᠤ ᠡᠬᠢ ᠰᠤᠷᠪᠤᠯᠵᠢ ᠶᠢ ᠪᠠᠲᠤᠯᠠᠬᠤ ᠨᠥᠬᠦᠴᠡᠯ ᠢ | ᠰᠠᠶᠢᠵᠢᠷᠠᠭᠤᠯᠤᠨ᠂ ᠲᠠᠷᠢᠶᠠᠨ ᠭᠠᠵᠠᠷ ᠤᠨ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢ ᠲᠥᠭᠦᠷᠵᠢᠭᠦᠯᠵᠦ᠂ ᠲᠠᠷᠢᠶᠠᠯᠠᠩ ᠤᠨ ᠮᠡᠷᠭᠡᠵᠢᠯ ᠤᠨ ᠤᠰᠤ | ᠠᠷᠪᠢᠯᠠᠬᠤ ᠤᠰᠤᠯᠠᠯᠲᠠ ᠶᠢᠨ ᠵᠠᠭᠪᠤᠷ ᠢ ᠳᠡᠯᠭᠡᠷᠡᠭᠦᠯᠪᠡ᠃ | ᠲᠦᠩᠯᠢᠶᠣᠣ ᠬᠤᠲᠠ ᠣᠶᠢᠷ᠎ᠠ ᠶᠢᠨ ᠵᠢᠯ ᠳᠤ ᠭᠦᠢᠬᠡᠨ ᠪᠤᠯᠠᠵᠤ ᠳᠤᠰᠤᠯᠠᠭᠠᠨ ᠤᠰᠤᠯᠠᠬᠤ ᠪᠠᠷ ᠭᠤᠣᠯ ᠪᠤᠯᠭᠠᠬᠰᠠᠨ ᠥᠨᠳᠥᠷ ᠪᠦᠲᠦᠮᠵᠢᠲᠡᠶ ᠤᠰᠤ | ᠠᠷᠪᠢᠯᠠᠬᠤ ᠲᠠᠷᠢᠶᠠᠨ ᠭᠠᠵᠠᠷ ᠢ 607 ᠲᠦᠮᠡᠨ ᠮᠦ ᠪᠠᠶᠢᠭᠤᠯᠵᠤ᠂ ᠡᠷᠳᠡᠨᠢ ᠰᠢᠰᠢ ᠶᠢ ᠨᠠᠷᠢᠨ ᠣᠨᠣᠪᠴᠢᠲᠠᠶ ᠪᠠᠷ ᠳᠠᠷᠢᠬᠤ ᠪᠠ ᠥᠨᠳᠥᠷ ᠤᠨᠠᠯᠲᠠ ᠶᠢ | ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ ᠬᠤᠣᠰ ᠠᠮᠵᠢᠯᠲᠠ ᠶᠢ | ᠪᠡᠶᠡᠯᠡᠭᠦᠯᠪᠡ᠃ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠮᠠᠯ ᠤᠨ ᠦᠢᠯᠡᠰ ᠤᠨ ᠰᠠᠯᠠᠭᠠᠨ ᠤ ᠳᠠᠷᠤᠭ᠎ᠠ ᠶᠢᠨ ᠹᠧᠩ | ᠵᠧᠨ ᠢᠯᠡᠷᠬᠡᠶᠢᠯᠡᠬᠦ ᠳᠡᠭᠡᠨ᠂ ᠲᠠᠷᠠᠭᠠᠴᠢ ᠪᠠᠷ᠂ ᠮᠢᠩᠭᠠᠨ ᠲᠦᠮᠡᠨ ᠮᠦ ᠡᠷᠳᠡᠨᠢ ᠰᠢᠰᠢ ᠳᠠᠷᠢᠬᠤ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ | ᠂ ᠲᠦᠩᠯᠢᠶᠣᠣ ᠶᠢᠨ ᠮᠠᠯ ᠠᠵᠤ ᠠᠬᠤᠢ ᠲᠠᠷᠢᠶᠠᠯᠠᠩ ᠤᠨ ᠲᠣᠮᠣ ᠬᠤᠲᠠ ᠠᠴᠠ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠬᠤᠲᠠ ᠲᠡᠶᠢᠰᠢ ᠰᠢᠯᠵᠢᠭᠦ ᠶᠢ | ᠲᠦᠷᠭᠡᠳᠬᠡᠨ ᠠᠬᠢᠭᠤᠯᠤᠨ᠎ᠠ ᠭᠡᠵᠡᠢ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠭᠢᠯᠡᠭᠴᠢ ᠬᠤ᠋ ᠶᠢᠦ ᠯᠢᠨ᠄ ︽ᠪᠢᠳᠡ | ᠵᠣᠷᠢᠭᠲᠠᠢ ᠪᠠᠷ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ | ᠲᠠᠷᠠᠭᠠᠴᠢ ᠪᠠᠷ᠂ ᠪᠢᠳᠡ ︿ᠪᠠᠷᠢᠯᠭ᠎ᠠ ᠶᠢᠨ ᠤᠰᠤ ᠠᠷᠪᠢᠯᠠᠬᠤ᠂ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠶᠢ ᠰᠢᠯᠢᠳᠡᠭᠵᠢᠭᠦᠯᠬᠦ᠂ ᠲᠥᠷᠥᠯ ᠵᠦᠢᠯ | ᠰᠣᠩᠭᠤᠨ ᠤᠰᠤ ᠠᠷᠪᠢᠯᠠᠬᠤ᠂ ᠪᠦᠲᠦᠴᠡ ᠶᠢ ᠲᠣᠬᠢᠷᠠᠭᠤᠯᠤᠨ ᠤᠰᠤ ᠠᠷᠪᠢᠯᠠᠬᠤ᠂ ᠲᠣᠭᠲᠠᠴᠠ ᠶᠢ ᠡᠵᠡᠮᠳᠡᠨ ᠤᠰᠤ ᠠᠷᠪᠢᠯᠠᠬᠤ﹀ ︿ᠲᠠᠪᠤᠨ ᠠᠷᠪᠢᠯᠠᠬᠤ﹀ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠭᠦ ᠣᠷᠣᠨ ᠤ | ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ᠂ ᠦᠷ᠎ᠡ ᠪᠦᠲᠦᠮᠵᠢ ᠳᠣᠣᠷ᠎ᠠ ᠪᠠᠶᠢᠭᠰᠠᠨ ᠠᠴᠠ ᠴᠢᠨᠠᠷᠯᠢᠭ ᠠᠷᠪᠢᠲᠠᠢ ᠡᠷᠴᠢᠮᠯᠢᠭ ᠪᠣᠯᠭᠠᠨ | ᠬᠤᠪᠢᠷᠠᠭᠤᠯᠬᠤ ᠶᠢ ᠠᠬᠢᠭᠤᠯᠤᠨ᠎ᠠ︾ ᠭᠡᠪᠡ᠃ | 6 ᠰᠠᠷ᠎ᠠ ᠶᠢᠨ 6 ᠤ ᠡᠳᠦᠷ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠄ ︽ᠬᠤᠷᠴᠢᠨ ᠤ ᠡᠯᠡᠰᠦᠷᠬᠡᠭ ᠭᠠᠵᠠᠷ᠂ ᠬᠤᠯᠠᠨ | ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠣᠯᠳᠠᠯᠭ᠎ᠠ ᠲᠠᠢ ᠠᠮᠢ | ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠬᠦᠴᠦᠨ ᠢᠶᠠᠨ ᠲᠥᠪᠯᠡᠷᠡᠭᠦᠯᠦᠨ ᠡᠯᠡᠰᠦ | ᠮᠠᠩᠬ᠎ᠠ ᠶᠢ ᠲᠦᠢᠯᠪᠤᠷᠢᠲᠠᠢ ᠵᠠᠰᠠᠬᠤ ᠳᠠᠶᠢᠯᠠᠯᠳᠤᠭᠠᠨ ᠢ ᠬᠢᠬᠦ ᠬᠡᠷᠡᠭᠲᠡᠢ︾ ᠭᠡᠵᠦ ᠳᠤᠷᠠᠳᠪᠠ᠃ | ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠪᠣᠱᠣᠣᠳᠠᠢ ᠰᠤᠮᠤ ᠶᠢᠨ ᠨᠡᠭᠦᠳᠡᠭᠡᠢ ᠭᠠᠴᠠᠭᠠᠨ ᠤ ᠮᠠᠯᠴᠢᠨ ᠵᠢᠢ ᠮᠥᠩᠬᠡ ᠶᠢᠨ ᠬᠢᠨ ᠶᠠᠭ | ᠶᠡᠷᠦᠩᠬᠡᠢ ᠱᠦᠵᠢ ᠶᠢᠨ ᠳᠤᠷᠠᠳᠤᠭᠰᠠᠨ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠥᠷᠥᠴᠡᠨ ᠳᠤ ᠪᠠᠶᠢᠳᠠᠭ᠃ | ︽ᠶᠡᠷᠦᠩᠬᠡᠢ ᠱᠦᠵᠢ ᠶᠢᠨ ᠶᠠᠷᠢᠶ᠎ᠠ ᠨᠢ ᠪᠢᠳᠡᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠴᠢᠭᠯᠡᠯ ᠢ | ᠲᠣᠳᠣᠷᠬᠠᠢ ᠵᠢᠭᠠᠵᠤ ᠥᠭᠴᠡᠢ᠂ ᠪᠢ ᠣᠲᠣ ᠠᠴᠠ ᠡᠬᠢᠯᠡᠨ ᠡᠯᠡᠰᠦ ᠮᠠᠩᠬ᠎ᠠ ᠶᠢ ᠲᠦᠢᠯᠪᠤᠷᠢᠲᠠᠢ ᠵᠠᠰᠠᠬᠤ ᠳᠠᠶᠢᠯᠠᠯᠳᠤᠭᠠᠨ ᠤ ᠨᠢᠭᠡ ᠭᠡᠰᠢᠭᠦᠨ ᠪᠣᠯᠵᠤ᠂ | ᠡᠯᠡᠰᠦᠷᠬᠡᠭᠵᠢᠭᠰᠡᠨ ᠭᠠᠵᠠᠷ ᠤᠨ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠬᠠᠮᠠᠭᠠᠯᠠᠬᠤ ᠪᠠ ᠰᠠᠶᠢᠵᠢᠷᠠᠭᠤᠯᠵᠤ᠂ ᠮᠠᠨ ᠤ | ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠤᠪᠢ ᠨᠡᠮᠡᠷᠢ ᠦᠵᠡᠭᠦᠯᠦᠨ᠎ᠡ︾ ᠭᠡᠵᠦ ᠵᠢᠢ ᠮᠥᠩᠬᠡ | ᠬᠡᠯᠡᠪᠡ᠃ | ᠬᠢᠩᠭᠠᠨ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠭᠧᠩ ᠲᠢᠶᠠᠨ ᠯᠢᠶᠠᠩ᠂ ᠬᠢᠩᠭᠠᠨ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠰᠢᠰᠲ᠋ᠧᠮ ᠤᠨ ᠬᠢᠨ ᠣᠶ ᠰᠢᠭᠤᠢ ᠪᠠ ᠨᠤᠲᠤᠭ ᠪᠡᠯᠴᠢᠭᠡᠷ ᠤᠨ | ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠦᠷ᠎ᠡ ᠠᠰᠢᠭ ᠢ ᠨᠡᠮᠡᠭᠳᠡᠭᠦᠯᠬᠦ᠂ ᠲᠥᠷᠥᠯ ᠵᠦᠢᠯ ᠢ ᠠᠳᠬᠤᠬᠤ᠂ ᠭᠠᠮᠰᠢᠭ ᠢ | ᠰᠡᠷᠭᠡᠶᠢᠯᠡᠬᠦ ᠵᠡᠷᠭᠡ ᠲᠠᠪᠤᠨ ᠶᠡᠭᠡ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠳᠤ ᠬᠢᠩᠭᠠᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ | ᠪᠤᠭᠤᠲᠤ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠸᠠᠩ ᠢᠦᠢ ᠮᠢᠩ᠂ ᠪᠤᠭᠤᠲᠤ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ | ᠪᠣᠯᠣᠨ ᠠᠵᠢᠯ ᠤᠨ ᠱᠠᠭᠠᠷᠳᠠᠯᠭ᠎ᠠ ᠶᠢ ᠯᠠᠪᠲᠠᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ | ᠨᠣᠭᠤᠭᠠᠨ ᠬᠠᠯᠬᠠᠪᠴᠢ ᠶᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠳᠤ ᠮᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠮᠦᠷ ᠴᠡᠷᠢᠭ ᠤᠨ ᠬᠦᠴᠦᠨ ᠴᠢᠳᠠᠯ ᠢᠶᠠᠨ ᠡᠷᠭᠦᠨ᠎ᠡ | ᠭᠡᠵᠦ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠸᠠᠩ ᠲᠤᠤ᠄ ︽ᠮᠠᠨ ᠤ ᠣᠷᠣᠨ ᠰᠢ ᠶᠢᠨ ᠫᠢᠩ ᠤᠨ | ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︿ᠭᠤᠷᠪᠠᠨ ᠣᠷᠣᠨ ᠭᠤᠷᠪᠠᠨ ᠱᠤᠭᠤᠮ﹀ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ | ᠲᠣᠭᠲᠠᠭᠠᠵᠤ᠂ ᠪᠦᠭᠦ ᠣᠷᠣᠨ ᠤ ᠬᠠᠭᠠᠰ ᠠᠴᠠ ᠳᠡᠭᠡᠭᠰᠢᠬᠢ ᠤᠯᠤᠰ ᠤᠨ ᠭᠠᠵᠠᠷ ᠰᠢᠷᠣᠢ ᠶᠢᠨ ᠲᠠᠯᠠᠪᠠᠶ ︵50.46%︶ ᠶᠢ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠳᠤ ᠬᠤᠪᠢᠶᠠᠷᠢᠯᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ 59.69 | ᠲᠦᠮᠡᠨ ᠲᠡᠭᠰᠢ ᠳᠥᠷᠪᠡᠯᠵᠢᠨ ᠺᠢᠯᠣᠮᠧᠳ᠋ᠷ ᠵᠠᠭᠠᠭᠯᠠᠨ ᠲᠣᠭᠲᠠᠭᠠᠪᠠ᠃ ᠶᠡᠭᠡ ᠬᠢᠩᠭᠠᠨ ᠳᠠᠪᠠᠭ᠎ᠠ᠂ ᠮᠤᠨᠢ ᠠᠭᠤᠯᠠ ᠨᠢᠷᠤᠭᠤ᠂ ᠠᠯᠠᠱᠠ ᠠᠭᠤᠯᠠ ᠨᠢᠷᠤᠭᠤ ᠶᠢᠨ ᠠᠮᠢ | ᠠᠬᠤᠢ ᠶᠢᠨ ᠬᠤᠩᠭᠢᠯ ᠪᠣᠯᠣᠨ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠴᠢᠳᠠᠮᠵᠢ ᠶᠢ ᠴᠢᠩᠭᠠᠳᠬᠠᠵᠤ᠂ ᠬᠠᠳᠤᠨ ᠭᠤᠣᠯ᠂ ᠪᠠᠷᠠᠭᠤᠨ ᠯᠢᠶᠣᠤ | ᠾᠧ ᠭᠤᠣᠯ᠂ ᠨᠤᠨ ᠮᠥᠷᠡᠨ᠂ ︿ᠬᠥᠯᠥᠨ ᠨᠠᠭᠤᠷ᠂ ᠲᠠᠭ᠎ᠠ ᠶᠢᠨ ᠨᠠᠭᠤᠷ᠂ ᠤᠯᠠᠭᠠᠨᠰᠤᠬᠠᠢ﹀ ᠵᠢᠴᠢ ᠴᠠᠭᠠᠨᠨᠠᠭᠤᠷ ᠵᠡᠷᠭᠡ ᠰᠠᠪᠠ ᠭᠠᠵᠠᠷ ᠤᠨ ᠤᠰᠤᠨ ᠣᠷᠣᠨ ᠤ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ︿ᠲᠠᠪᠤᠨ ᠶᠡᠭᠡ ᠡᠯᠡᠰᠦ﹀᠂ ︿ᠲᠠᠪᠤᠨ ᠶᠡᠭᠡ ᠡᠯᠡᠰᠦᠷᠬᠡᠭ ᠭᠠᠵᠠᠷ﹀ ᠤᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ᠂ ᠤᠢ ᠰᠢᠭᠤᠢ᠂ ᠭᠤᠣᠯ ᠮᠥᠷᠡᠨ᠂ ᠨᠠᠭᠤᠷ ᠴᠥᠭᠦᠷᠥᠮ᠂ | ᠨᠤᠭᠤ ᠭᠠᠵᠠᠷ᠂ ᠡᠯᠡᠰᠦ ᠮᠠᠩᠬ᠎ᠠ᠂ ᠡᠯᠡᠰᠦᠷᠬᠡᠭ ᠭᠠᠵᠠᠷ ᠢ ᠨᠢᠭᠡ ᠴᠣᠭᠴᠠᠵᠢᠭᠤᠯᠤᠭᠰᠠᠨ ᠪᠦᠭᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ | ᠪᠠᠶᠢᠷᠢᠰᠢᠯ ᠢ ᠪᠠᠶᠢᠭᠤᠯᠵᠤ᠂ ᠪᠠᠶᠢᠭᠠᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠢᠯᠢ ᠬᠢᠵᠠᠭᠠᠷ ᠢ ᠰᠠᠬᠢᠵᠤ᠂ ᠮᠠᠨ ᠤ ᠤᠯᠤᠰ ᠤᠨ ᠤᠮᠠᠷᠠᠲᠤ ᠶᠢᠨ ᠠᠮᠢ | ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠨ᠎ᠠ︾ ᠭᠡᠪᠡ᠃ | |