【ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠠᠬᠢ ᠠᠶᠠᠯᠠᠯ】ᠶᠡᠷᠦᠩᠬᠡᠢ ᠱᠦᠵᠢ ᠤᠯᠠᠭᠠᠨᠰᠤᠬᠠᠢ ᠶᠢ ᠰᠠᠨᠠᠭᠠᠯᠵᠠᠭᠰᠠᠭᠠᠷ ᠢᠷᠡᠪᠡ
ᠨᠡᠶᠢᠲᠡᠯᠡᠭᠰᠡᠨ ᠴᠠᠭ᠄
2023/6/16
     — ᠶᠡᠷᠦᠩᠬᠡᠢ ᠱᠦᠵᠢ ᠰᠢ ᠶᠢᠨ ᠫᠢᠩ ᠤᠨ ᠤᠷᠠᠳ ᠤᠨ ᠡᠮᠦᠨᠡᠲᠦ ᠬᠤᠰᠢᠭᠤᠨ ᠤ ᠤᠯᠠᠭᠠᠨᠰᠤᠬᠠᠢ ᠳᠤ ᠰᠢᠨᠵᠢᠯᠡᠨ ᠪᠠᠶᠢᠴᠠᠭᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ     ᠰᠢᠨᠵᠢᠯᠡᠨ ᠪᠠᠶᠢᠴᠠᠭᠠᠭᠰᠠᠨ ᠴᠡᠭ᠄      ᠤᠷᠠᠳ ᠤᠨ ᠡᠮᠦᠨᠡᠲᠦ ᠬᠤᠰᠢᠭᠤᠨ ᠤ ᠤᠯᠠᠭᠠᠨᠰᠤᠬᠠᠢ      ᠬᠠᠲᠤᠨ ᠭᠤᠣᠯ ᠤᠨ ︽ᠶᠡᠭᠡ ᠲᠣᠬᠤᠢ︾ ᠶᠢᠨ ᠣᠷᠣᠢ ᠶᠢᠨ ᠬᠡᠰᠡᠭ ᠲᠤ ᠪᠠᠶᠢᠷᠢᠯᠠᠵᠤ ᠪᠠᠶᠢᠭ᠎ᠠ ᠤᠯᠠᠭᠠᠨᠰᠤᠬᠠᠢ ᠶᠢᠨ ᠲᠠᠯᠠᠪᠠᠶ ᠨᠢ 293 ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ ᠬᠠᠲᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠶᠡᠭᠡ ᠨᠠᠭᠤᠷ ᠴᠥᠭᠦᠷᠥᠮ ᠨᠤᠭᠤ ᠭᠠᠵᠠᠷ ᠪᠣᠯᠣᠨ᠎ᠠ᠂ ᠬᠠᠲᠤᠨ ᠭᠤᠣᠯ ᠤᠨ ᠠᠮᠢ ᠠᠬᠤᠢ ᠶᠢᠨ ᠠᠮᠤᠷ ᠲᠦᠪᠰᠢᠨ ᠤ ︽ᠪᠠᠶᠢᠭᠠᠯᠢᠯᠢᠭ ᠪᠥᠭᠡᠷ᠎ᠡ︾ ᠬᠡᠮᠡᠭᠳᠡᠵᠦ᠂ ᠬᠠᠲᠤᠨ ᠭᠤᠣᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ᠂ ᠤᠰᠤᠨ ᠤ ᠴᠢᠨᠠᠷ ᠢ ᠴᠡᠪᠡᠷᠰᠢᠭᠦᠯᠬᠦ᠂ ᠰᠥᠩ ᠬᠠᠯᠢᠶ᠎ᠠ ᠶᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠵᠡᠷᠭᠡ ᠴᠢᠬᠤᠯᠠ ᠴᠢᠳᠠᠮᠵᠢ ᠶᠢ ᠡᠭᠦᠷᠭᠡᠯᠡᠵᠦ᠂ ᠮᠠᠨ ᠤ ᠤᠯᠤᠰ ᠤᠨ ᠤᠮᠠᠷᠠᠲᠤ ᠶᠢᠨ ᠣᠯᠠᠨ ᠠᠮᠢ ᠠᠬᠤᠢ ᠶᠢᠨ ᠴᠢᠳᠠᠮᠵᠢ ᠶᠢᠨ ᠠᠭᠤᠯᠵᠠᠷ ᠣᠷᠣᠨ ᠪᠠᠶᠢᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠡᠵᠡᠮᠳᠡᠬᠦ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠪᠣᠯᠣᠨ᠎ᠠ᠃    

调研6.1.png

     ︽ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ︾ ᠤᠯᠠᠭᠠᠨᠰᠤᠬᠠᠢ

     ᠡᠷᠭᠢᠵᠦ ᠰᠤᠷᠪᠤᠯᠵᠢᠯᠠᠭᠰᠠᠨ ᠬᠤᠯᠪᠣᠭᠠᠰᠤ

     ᠶᠡᠷᠦᠩᠬᠡᠢ ᠱᠦᠵᠢ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠤᠯᠠᠭᠠᠨᠰᠤᠬᠠᠢ ᠳᠤ ᠭᠤᠷᠪᠠᠨᠲᠠ ᠵᠢᠭᠠᠪᠤᠷᠢ ᠴᠣᠬᠤᠯᠠᠪᠤᠷᠢ ᠥᠭᠴᠡᠢ

     2018 ᠣᠨ ᠤ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠥᠪᠥᠷ ᠮᠣᠩᠭᠤᠯ ᠤᠨ ᠲᠥᠯᠥᠭᠡᠯᠡᠭᠴᠢᠳ ᠤᠨ

ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠬᠥᠯᠥᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠵᠡᠷᠭᠡ ᠤᠰᠤᠨ ᠤ ᠠᠮᠢ ᠠᠬᠤᠢ ᠶᠢᠨ

ᠶᠡᠷᠦᠩᠬᠡᠶᠢᠯᠡᠭᠰᠡᠨ ᠵᠠᠰᠠᠯᠲᠠ ᠶᠢ ᠲᠦᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

     2019 ᠣᠨ ᠤ ᠪᠦᠭᠦ ᠤᠯᠤᠰ ᠤᠨ ᠬᠤᠶᠠᠷ ᠬᠤᠷᠠᠯ ᠳᠡᠭᠡᠷ᠎ᠡ ᠶᠡᠷᠦᠩᠬᠡᠢ ᠱᠦᠵᠢ᠂ ᠥᠪᠥᠷ ᠮᠣᠩᠭᠤᠯ ᠤᠨ ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ ᠶᠢᠨ

ᠨᠠᠭᠤᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠵᠤ᠂ ᠡᠪᠡᠳᠴᠢᠨ ᠳᠤᠨᠢ ᠲᠣᠬᠢᠷᠠᠭᠤᠯᠤᠨ ᠡᠮ ᠥᠭᠴᠦ᠂

ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠪᠠ᠃

     2021 ᠣᠨ ᠤ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ᠄ ︽ᠤᠯᠠᠭᠠᠨᠰᠤᠬᠠᠢ ᠳᠤ ᠪᠢ ᠣᠯᠠᠨᠲᠠ ᠴᠣᠬᠤᠯᠠᠪᠤᠷᠢ

ᠥᠭᠪᠡ᠃ ᠤᠳᠤ ᠦᠵᠡᠬᠦ ᠳᠤ ᠵᠠᠰᠠᠯᠲᠠ ᠢᠯᠡᠳᠲᠡ ᠦᠷ᠎ᠡ ᠪᠦᠲᠦᠮᠵᠢ ᠣᠯᠣᠭᠰᠠᠨ ᠪᠤᠯᠪᠠᠴᠤ ᠪᠠᠰᠠ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠬᠤ ᠬᠡᠷᠡᠭᠲᠡᠢ︾

ᠭᠡᠵᠦ ᠢᠯᠡᠳᠬᠡᠪᠡ᠃

     ᠤᠯᠠᠭᠠᠨᠰᠤᠬᠠᠢ ᠶᠢᠨ ᠨᠡᠷ᠎ᠡ ᠶᠢᠨ ᠬᠠᠭᠤᠳᠠᠰᠤ

     ᠤᠯᠠᠭᠠᠨᠰᠤᠬᠠᠢ ᠪᠣᠯ ᠬᠠᠲᠤᠨ ᠭᠤᠣᠯ ᠤᠨ ᠵᠠᠮ ᠥᠭᠡᠷᠡᠴᠢᠯᠡᠭᠳᠡᠭᠡᠳ ᠪᠤᠶ ᠪᠣᠯᠤᠭᠰᠠᠨ ᠭᠤᠣᠯ ᠤᠨ ᠵᠢᠮᠳᠦ ᠨᠠᠭᠤᠷ ᠪᠣᠯᠣᠨ᠎ᠠ᠂ ᠪᠠᠰᠠ ᠴᠤ ᠪᠦᠭᠦ

ᠪᠥᠮᠪᠥᠷᠴᠡᠭ ᠤᠨ ᠴᠦᠯᠯᠡᠷᠭᠡᠭᠵᠢᠭᠰᠡᠨ᠂ ᠬᠠᠭᠠᠰ ᠴᠦᠯᠯᠡᠷᠭᠡᠭᠵᠢᠭᠰᠡᠨ ᠭᠠᠵᠠᠷ ᠣᠷᠣᠨ ᠳᠤ ᠲᠦᠢᠯ ᠤᠨ ᠴᠥᠭᠡᠨ ᠲᠣᠬᠢᠶᠠᠯᠳᠤᠳᠠᠭ ᠲᠣᠮᠣ ᠭᠡᠯᠪᠡᠷᠢ ᠶᠢᠨ ᠲᠠᠯ᠎ᠠ

ᠨᠤᠲᠤᠭ ᠤᠨ ᠨᠠᠭᠤᠷ ᠪᠣᠯᠣᠨ᠎ᠠ᠂ ᠣᠳᠣᠬᠠᠨ ᠳᠤ ᠨᠠᠭᠤᠷ ᠤᠨ ᠣᠷᠣᠨ ᠤ ᠶᠡᠷᠦᠩᠬᠡᠢ ᠲᠠᠯᠠᠪᠠᠶ ᠨᠢ 293 ᠲᠡᠭᠰᠢ ᠳᠥᠷᠪᠡᠯᠵᠢᠨ ᠺᠢᠯᠣᠮᠧᠳ᠋ᠷ ᠪᠠᠶᠢᠨ᠎ᠠ᠃

ᠤᠯᠠᠭᠠᠨᠰᠤᠬᠠᠢ ᠪᠣᠯ ᠨᠡᠭᠦᠳᠡᠯ ᠤᠨ ᠰᠢᠪᠠᠭᠤᠳ ᠤᠨ ᠴᠡᠩᠭᠡᠯ ᠤᠨ ᠣᠷᠣᠨ ᠮᠥᠨ᠂ ᠣᠳᠣᠬᠠᠨ ᠳᠤ ᠰᠢᠪᠠᠭᠤᠨ ᠤ ᠲᠥᠷᠥᠯ 260 ᠭᠠᠷᠤᠢ ᠵᠦᠢᠯ ᠪᠠᠶᠢᠵᠤ᠂ 600

ᠭᠠᠷᠤᠢ ᠲᠦᠮᠡᠨ ᠰᠢᠪᠠᠭᠤ ᠠᠳᠡ ᠣᠷᠣᠰᠢᠨ ᠠᠮᠢᠳᠤᠷᠠᠵᠤ ᠪᠤᠶ᠃

     ᠤᠯᠠᠭᠠᠨᠰᠤᠬᠠᠢ ᠶᠢᠨ ᠪᠠᠷᠠᠭᠤᠨ ᠬᠡᠰᠡᠭ ᠪᠣᠯ ᠨᠡᠯᠦᠭᠡᠷ ᠶᠡᠭᠡ ᠤᠯᠠᠭᠠᠨᠪᠤᠬ᠎ᠠ ᠶᠢᠨ ᠡᠯᠡᠰᠦᠨ ᠴᠦᠯ᠂ ᠡᠮᠦᠨᠡᠲᠦ ᠬᠡᠰᠡᠭ ᠨᠢ ᠳᠠᠪᠠᠯᠭᠠᠯᠠᠨ ᠤᠷᠤᠰᠬᠤ ᠬᠠᠳᠤᠨ

ᠭᠤᠣᠯ᠂ ᠵᠡᠭᠦᠨ ᠬᠡᠰᠡᠭ ᠨᠢ ᠴᠡᠯᠡᠭᠡᠷ ᠠᠭᠤᠳᠠᠮ ᠮᠤᠨᠠ ᠠᠭᠤᠯᠠ ᠶᠢᠨ ᠤᠯᠤᠰ ᠤᠨ ᠤᠢ ᠰᠢᠭᠤᠢ ᠶᠢᠨ ᠴᠡᠴᠡᠷᠯᠢᠭ᠂ ᠬᠤᠶᠢᠲᠤ ᠬᠡᠰᠡᠭ ᠨᠢ ᠦᠷᠭᠦᠯᠵᠢᠯᠡᠭᠰᠡᠨ ᠮᠤᠨᠢ

ᠠᠭᠤᠯᠠ ᠨᠢᠷᠤᠭᠤ ᠪᠠ ᠥᠷᠭᠡᠨ ᠠᠭᠤᠳᠠᠮ ᠤᠷᠠᠳ ᠤᠨ ᠲᠠᠯ᠎ᠠ ᠨᠤᠲᠤᠭ᠂ ᠳᠤᠮᠳᠠ ᠬᠡᠰᠡᠭ ᠨᠢ ᠥᠩ ᠰᠢᠮᠡᠯᠢᠭ ᠪᠣᠷᠣᠳᠣᠬᠤᠢ ᠶᠢᠨ ᠲᠠᠯ᠎ᠠ ᠭᠠᠵᠠᠷ ᠪᠣᠯᠣᠨ᠎ᠠ᠂

ᠡᠳᠡᠭᠡᠷ ᠨᠢ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠬᠠᠮᠲᠤ ᠪᠠᠷ ᠠᠭᠤᠰᠤᠯᠴᠠᠵᠤ ᠬᠠᠮᠲᠤ ᠪᠠᠷ

ᠣᠷᠣᠰᠢᠭᠰᠠᠨ ᠠᠮᠢ ᠨᠠᠰᠤᠨ ᠤ ᠬᠠᠮᠲᠤ ᠶᠢᠨ ᠴᠣᠭᠴᠠ ᠶᠢ ᠪᠦᠷᠢᠯᠳᠦᠭᠦᠯᠵᠡᠢ᠃

    

调研6.2.png

     ᠵᠤᠨ ᠤ ᠡᠬᠢᠨ ᠤ ᠤᠯᠠᠭᠠᠨᠰᠤᠬᠠᠢ᠂ ᠮᠡᠯᠮᠡᠯᠵᠡᠨ ᠳᠣᠯᠭᠢᠶᠠᠯᠠᠵᠤ᠂ ᠤᠰᠤᠨ ᠤ ᠰᠢᠪᠠᠭᠤᠳ ᠳᠡᠪᠳᠡᠷᠢᠯᠴᠡᠨ ᠱᠤᠯᠤᠭᠠᠨᠠᠵᠠᠭᠠᠨ᠎ᠠ᠃ 6 ᠰᠠᠷ᠎ᠠ ᠶᠢᠨ 5 ᠤ ᠡᠳᠦᠷ᠂

ᠲᠠᠪᠢᠳᠠᠭᠢ ᠳᠡᠯᠡᠬᠡᠢ ᠶᠢᠨ ᠣᠷᠴᠢᠨ ᠲᠣᠭᠤᠷᠢᠨ ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠬᠤᠳᠠ ᠶᠢᠨ ᠤᠷᠠᠳ ᠤᠨ ᠡᠮᠦᠨᠡᠲᠦ ᠬᠤᠰᠢᠭᠤᠨ ᠤ 

ᠬᠢᠵᠠᠭᠠᠷ ᠲᠠᠬᠢ ᠤᠯᠠᠭᠠᠨᠰᠤᠬᠠᠢ ᠳᠤ ᠬᠦᠷᠴᠦ᠂ ᠲᠤᠬᠠᠢ ᠶᠢᠨ ᠭᠠᠵᠠᠷ ᠤᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ

ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠪᠠᠶᠢᠬᠤ᠂ ᠠᠮᠢ ᠠᠬᠤᠢ ᠣᠷᠴᠢᠨ ᠲᠣᠭᠤᠷᠢᠨ ᠢ ᠰᠡᠷᠭᠦᠭᠡᠬᠦ ᠶᠢ

ᠠᠬᠢᠭᠤᠯᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠵᠤ᠂ ᠤᠯᠠᠭᠠᠨᠰᠤᠬᠠᠢ ᠶᠢᠨ ᠪᠠᠶᠢᠭᠠᠯᠢ ᠶᠢᠨ ᠳᠦᠷᠰᠦ ᠪᠠᠶᠢᠳᠠᠯ ᠪᠣᠯᠣᠨ ᠡᠷᠭᠢᠨ ᠲᠣᠭᠤᠷᠢᠨ ᠤ ᠠᠮᠢ ᠠᠬᠤᠢ ᠣᠷᠴᠢᠨ 

ᠲᠣᠭᠤᠷᠢᠨ ᠢ ᠪᠠᠶᠢᠴᠠᠭᠠᠨ ᠦᠵᠡᠪᠡ᠃ ᠶᠡᠷᠦᠩᠬᠡᠢ ᠱᠦᠵᠢ ᠰᠢ ᠶᠢᠨ ᠫᠢᠩ᠂ ᠤᠯᠠᠭᠠᠨᠰᠤᠬᠠᠢ ᠶᠢᠨ ᠰᠠᠪᠠ ᠭᠠᠵᠠᠷ ᠢ ᠰᠠᠶᠢᠲᠤᠷ ᠵᠠᠰᠠᠬᠤ ᠨᠢ ᠮᠠᠨ ᠤ ᠤᠯᠤᠰ ᠤᠨ

ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠤᠯᠠᠭᠠᠨᠰᠤᠬᠠᠢ ᠶᠢᠨ ᠵᠠᠰᠠᠯᠲᠠ ᠪᠠ

ᠬᠠᠮᠠᠭᠠᠯᠠᠯᠲᠠ ᠶᠢᠨ ᠴᠢᠭᠯᠡᠯ ᠨᠢ ᠲᠣᠳᠣᠷᠬᠠᠢ ᠶᠤᠮ᠂ ᠰᠡᠳᠬᠢᠯ ᠲᠠᠯᠪᠢᠨ ᠵᠠᠰᠠᠵᠤ᠂ ᠨᠠᠷᠢᠨ ᠨᠢᠮᠪᠠᠢ ᠬᠠᠶᠢᠷᠠᠯᠠᠨ ᠬᠠᠮᠠᠭᠠᠯᠠᠵᠤ᠂ ᠢᠮᠠᠭᠲᠠ ᠲᠤᠭᠤᠰᠢᠯᠠᠭᠤᠯᠵᠤ᠂

ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠡᠨᠡ ᠬᠦ ︽ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ︾ ᠢ ᠰᠠᠶᠢᠲᠤᠷ ᠰᠠᠬᠢᠨ ᠬᠠᠮᠠᠭᠠᠯᠠᠵᠤ᠂ ᠦᠷ᠎ᠡ

ᠬᠤᠶᠢᠴᠢᠰ ᠲᠠᠭᠠᠨ ᠬᠥᠬᠡᠮᠳᠦᠭ ᠨᠣᠭᠤᠭᠠᠨ ᠠᠭᠤᠯᠠ ᠤᠰᠤ ᠲᠠᠢ᠂ ᠰᠢᠨ᠎ᠡ ᠰᠣᠷᠭᠤᠭ ᠠᠭᠠᠷ ᠮᠠᠨᠳᠠᠯ ᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢ ᠦᠯᠡᠳᠡᠭᠡᠵᠦ

ᠥᠭᠬᠦ ᠬᠡᠷᠡᠭᠲᠡᠢ ᠭᠡᠵᠦ ᠴᠢᠬᠤᠯᠠᠴᠢᠯᠠᠪᠠ᠃

      ᠰᠡᠳᠬᠢᠯ ᠲᠠᠯᠪᠢᠨ ᠵᠠᠰᠠᠵᠤ᠂ ᠨᠢᠮᠪᠠᠢ ᠬᠠᠮᠠᠭᠠᠯᠠᠵᠤ᠂ ᠶᠡᠷᠦᠩᠬᠡᠢ ᠱᠦᠵᠢ ᠶᠢᠨ ᠰᠠᠨᠠᠭᠠᠯᠵᠠᠵᠤ ᠪᠠᠶᠢᠭᠰᠠᠨ ᠤᠯᠠᠭᠠᠨᠰᠤᠬᠠᠢ ᠶᠢ ᠤᠯᠠᠮ ᠭᠤᠶᠣᠵᠢᠭᠤᠯᠤᠨ᠎ᠠ

      ᠶᠡᠷᠦᠩᠬᠡᠢ ᠱᠦᠵᠢ ᠤᠯᠠᠭᠠᠨᠰᠤᠬᠠᠢ ᠶᠢᠨ ᠵᠠᠰᠠᠯᠲᠠ ᠶᠢ ᠢᠮᠠᠭᠲᠠ ᠰᠡᠳᠬᠢᠯ ᠳᠡᠭᠡᠨ ᠪᠤᠳᠤᠵᠤ ᠪᠠᠶᠢᠪᠠ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ

ᠱᠦᠵᠢ ᠾᠧ ᠸᠧᠢ ᠬᠤᠸᠠ ᠲᠤᠬᠠᠢ ᠶᠢᠨ ᠡᠳᠦᠷ ᠶᠡᠷᠦᠩᠬᠡᠢ ᠱᠦᠵᠢ ᠳᠤ ᠤᠯᠠᠭᠠᠨᠰᠤᠬᠠᠢ ᠶᠢᠨ ᠵᠠᠰᠠᠯᠲᠠ ᠪᠠ ᠬᠠᠮᠠᠭᠠᠯᠠᠯᠲᠠ ᠶᠢᠨ ᠬᠠᠮᠢᠶ᠎ᠠ ᠪᠦᠬᠦᠢ ᠪᠠᠶᠢᠳᠠᠯ ᠢ

ᠬᠠᠷᠢᠭᠤ ᠮᠡᠳᠡᠭᠦᠯᠪᠡ᠃

      ᠬᠡᠳᠦᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ

ᠡᠯᠡᠰᠦ ᠮᠠᠩᠬ᠎ᠠ ᠶᠢ ᠰᠢᠰᠲ᠋ᠧᠮᠵᠢᠭᠦᠯᠬᠦ ᠣᠶᠢᠯᠠᠭᠠᠭᠳᠠᠬᠤᠨ ᠳᠣᠣᠷ᠎ᠠ᠂ ᠰᠢᠨᠵᠢᠯᠡᠬᠦ ᠤᠬᠠᠭᠠᠨᠴᠢ ᠣᠨᠣᠴᠠᠲᠠᠢ ᠪᠠᠷ ᠬᠠᠤᠯᠢ ᠶᠣᠰᠣᠭᠠᠷ ᠵᠠᠰᠠᠵᠤ᠂ ᠬᠡᠰᠡᠭ ᠡᠬᠢ᠂ ᠣᠯᠠᠨ

ᠡᠬᠢ᠂ ᠳᠣᠲᠣᠭᠠᠳᠤ ᠡᠬᠢ ᠶᠢ ᠨᠢᠭᠡᠳᠦᠯᠲᠡᠢ ᠲᠥᠯᠥᠪᠵᠢᠭᠦᠯᠦᠨ ᠵᠠᠰᠠᠬᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢ ᠵᠡᠷᠭᠡ ᠪᠠᠷ ᠠᠳᠬᠤᠬᠤ ᠶᠢ

ᠪᠠᠷᠢᠮᠲᠠᠯᠠᠵᠤ᠂  ᠤᠯᠠᠭᠠᠨᠰᠤᠬᠠᠢ ᠶᠢᠨ ᠤᠰᠤᠨ ᠤ ᠴᠢᠨᠠᠷ ᠢ ᠶᠡᠷᠦᠩᠬᠡᠢ ᠳᠡᠭᠡᠨ Ⅴ ᠲᠥᠷᠥᠯ ᠳᠤ ᠬᠦᠷᠭᠡᠵᠦ᠂ ᠬᠡᠰᠡᠭ ᠲᠠᠯ᠎ᠠ ᠶᠢ ᠳᠡᠭᠡᠭᠰᠢᠯᠡᠭᠦᠯᠦᠭᠡᠳ Ⅳ

ᠲᠥᠷᠥᠯ ᠳᠤ ᠬᠦᠷᠭᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠶᠡᠷᠦᠩᠬᠡᠢ ᠳᠡᠭᠡᠨ Ⅳ ᠲᠥᠷᠥᠯ ᠳᠤ ᠬᠦᠷᠭᠡᠬᠦ ᠪᠠᠷ ᠴᠢᠷᠮᠠᠶᠢᠬᠤ

ᠪᠣᠯᠣᠨ᠎ᠠ᠃

      ᠶᠡᠷᠦᠩᠬᠡᠢ ᠱᠦᠵᠢ ᠵᠢᠭᠠᠰᠤᠴᠢᠳ ᠤᠨ ᠦᠢᠯᠡᠳᠪᠦᠷᠢᠯᠡᠯ ᠠᠮᠢᠳᠤᠷᠠᠯ ᠢ ᠮᠠᠰᠢ ᠬᠠᠯᠠᠮᠵᠢᠯᠠᠵᠤ᠂ ᠲᠡᠳᠡᠨ ᠤ ᠣᠳᠣᠬᠠᠨ ᠤ ᠠᠮᠢᠳᠤᠷᠠᠯ ᠤᠨ ᠪᠠᠶᠢᠳᠠᠯ ᠢ ᠨᠠᠷᠢᠨ

ᠠᠰᠠᠭᠤᠪᠠ᠃

     ᠨᠠᠭᠤᠷ ᠤᠨ ᠣᠷᠣᠨ ᠤ ᠠᠮᠢ ᠠᠬᠤᠢ ᠶᠢ ᠠᠶᠠᠨᠳᠠᠭᠠᠨ ᠰᠡᠷᠭᠦᠭᠡᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠵᠢᠯ ᠳᠤ᠂ ᠤᠯᠠᠭᠠᠨᠰᠤᠬᠠᠢ ᠶᠢᠨ ᠬᠢᠨ

ᠵᠢᠭᠠᠰᠤᠴᠢᠨ ᠤ ᠡᠷᠭᠢ ᠳᠤ ᠭᠠᠷᠬᠤ ᠢᠨᠵᠧᠨᠧᠷᠢᠩ ᠢ ᠬᠡᠷᠡᠭᠵᠢᠭᠦᠯᠵᠦ᠂ ᠵᠢᠭᠠᠰᠤ ᠠᠩᠨᠠᠬᠤ ᠶᠢ ᠵᠣᠭᠰᠣᠭᠠᠨ ᠨᠠᠭᠤᠷ ᠴᠥᠭᠦᠷᠥᠮ ᠳᠤ ᠪᠤᠴᠠᠭᠠᠬᠤ ᠶᠢ ᠪᠡᠶᠡᠯᠡᠭᠦᠯᠪᠡ᠂

ᠡᠨᠡ ᠪᠣᠯ ᠤᠯᠠᠭᠠᠨᠰᠤᠬᠠᠢ ᠶᠢᠨ ᠵᠠᠰᠠᠯᠲᠠ ᠪᠠ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠪᠣᠯᠣᠨ᠎ᠠ᠃

      ᠶᠡᠷᠦᠩᠬᠡᠢ ᠱᠦᠵᠢ ᠶᠢᠨ ᠬᠦᠷᠴᠦ ᠢᠷᠡᠬᠦ ᠦᠶ᠎ᠡ ᠶᠢᠨ ᠪᠠᠶᠢᠳᠠᠯ ᠢ ᠡᠷᠭᠢᠴᠡᠭᠦᠯᠬᠦᠶ᠎ᠡ᠂ ᠯᠢᠦ ᠸᠧᠨ ᠪᠢᠨ ᠳᠣᠬᠳᠣᠯᠤᠬᠰᠠᠨ ᠰᠡᠳᠬᠢᠯᠭᠡ ᠪᠠᠨ ᠳᠠᠷᠤᠵᠤ ᠶᠠᠳᠠᠨ᠎ᠠ᠃

︽ᠶᠡᠷᠦᠩᠬᠡᠢ ᠱᠦᠵᠢ ᠮᠠᠨ ᠤ ᠵᠢᠭᠠᠰᠤᠴᠢᠳ ᠤᠨ ᠣᠲᠣ ᠶᠢᠨ ᠠᠮᠢᠳᠤᠷᠠᠯ ᠢ ᠮᠠᠰᠢ ᠬᠠᠯᠠᠮᠵᠢᠯᠠᠵᠤ ᠪᠠᠶᠢᠨ᠎ᠠ᠂ ᠵᠢᠭᠠᠰᠤᠴᠢᠳ ᠰᠢᠨ᠎ᠡ ᠠᠵᠢᠯ ᠤᠨ ᠪᠠᠶᠢᠷᠢ ᠲᠠᠢ ᠪᠣᠯᠵᠤ

᠂ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ ᠪᠠᠶᠢᠬᠤ ᠶᠢ ᠰᠣᠨᠣᠰᠤᠭᠠᠳ ︿ᠮᠠᠰᠢ ᠰᠠᠶᠢᠨ﹀ ᠭᠡᠵᠦ ᠪᠠᠶᠠᠷᠲᠠᠶᠢᠬᠠᠨ ᠬᠡᠯᠡᠪᠡ︾᠃

     ᠠᠳᠠᠯᠢᠬᠠᠨ ᠵᠢᠭᠠᠰᠤᠴᠢᠨ ᠭᠠᠷᠤᠯᠲᠠᠢ ᠾᠧ ᠠᠢ ᠶᠢᠩ 3 ᠵᠢᠯ ᠤᠨ ᠡᠮᠦᠨ᠎ᠡ ᠠᠴᠠ ᠡᠬᠢᠯᠡᠨ ᠣᠨᠴᠠᠯᠢᠭᠲᠤ ᠲᠠᠷᠢᠮᠠᠯ ᠤᠨ ᠦᠢᠯᠡᠰ ᠡᠷᠭᠢᠯᠡᠵᠦ᠂ ︽ᠨᠠᠭᠤᠷ ᠤᠨ

ᠣᠷᠣᠨ ᠤ ᠬᠤᠯᠤᠰᠤ ᠶᠢ ᠬᠡᠮᠬᠡᠯᠦᠭᠰᠡᠨ ᠤ ᠳᠠᠷᠠᠭ᠎ᠠ ᠮᠥᠭᠦ ᠶᠢᠨ ᠪᠠᠭᠠᠨᠠᠴᠢᠷ ᠬᠢᠵᠦ᠂ ᠪᠤᠶᠢᠵᠢᠭᠤᠯᠤᠭᠰᠠᠨ ᠳᠡᠯᠳᠡᠦ ᠨᠢ ᠰᠢᠷᠪᠦᠰᠦᠯᠢᠭ᠂ ᠪᠣᠷᠤᠯᠠᠭᠤᠯᠭ᠎ᠠ ᠨᠢ ᠮᠠᠰᠢ

ᠰᠠᠶᠢᠨ ᠪᠠᠶᠢᠨ᠎ᠠ︾᠃ ᠾᠧ ᠠᠢ ᠶᠢᠩ ᠤᠨ ᠳᠡᠯᠳᠡᠦ ᠶᠢᠨ ᠠᠵᠤ ᠦᠢᠯᠡᠰ ᠭᠦᠷ ᠬᠥᠭᠵᠢᠶᠡᠨ ᠲᠠᠢ ᠶᠠᠪᠤᠭᠳᠠᠵᠤ᠂ ᠣᠳᠣᠬᠠᠨ ᠳᠤ ᠨᠢᠭᠡᠨᠲᠡ 4 ᠳᠡᠯᠳᠡᠦ ᠶᠢᠨ

ᠬᠦᠯᠡᠮᠵᠢ ᠲᠠᠢ ᠪᠣᠯᠵᠤ᠂ ᠵᠢᠯ ᠤᠨ ᠣᠷᠣᠯᠭ᠎ᠠ ᠨᠢ ᠨᠡᠯᠢᠶᠡᠳ ᠰᠠᠶᠢᠨ ᠪᠣᠯᠵᠠᠢ᠃

     ᠯᠢᠦ ᠸᠧᠨ ᠪᠢᠨ᠂ ᠾᠧ ᠠᠢ ᠶᠢᠩ ᠪᠣᠯ ᠵᠢᠭᠠᠰᠤᠴᠢᠨ ᠤ ᠡᠷᠭᠢ ᠳᠤ ᠭᠠᠷᠬᠤ ᠢᠨᠵᠧᠨᠧᠷᠢᠩ ᠤᠨ ᠠᠰᠢᠭ ᠭᠦᠷᠲᠡᠭᠴᠢ ᠮᠥᠨ᠃ ᠥᠩᠭᠡᠷᠡᠭᠰᠡᠨ ᠳᠤ

ᠤᠰᠤᠨ ᠳᠤ ᠲᠦᠰᠢᠭᠯᠡᠨ ᠠᠵᠤ ᠲᠦᠷᠦᠵᠤ ᠪᠠᠶᠢᠭᠰᠠᠨ ᠵᠢᠭᠠᠰᠤᠴᠢᠳ ᠰᠢᠨ᠎ᠡ ᠠᠵᠢᠯ ᠤᠨ ᠪᠠᠶᠢᠷᠢ ᠲᠠᠢ ᠪᠣᠯᠵᠤ᠂ ᠣᠷᠣᠯᠭ᠎ᠠ ᠨᠡᠮᠡᠭᠳᠡᠵᠦ᠂ ᠠᠮᠢᠳᠤᠷᠠᠯ ᠰᠠᠶᠢᠵᠢᠷᠠᠨ᠂

ᠠᠵᠢᠯᠴᠢ ᠭᠦᠳᠡᠯᠮᠦᠷᠢᠴᠢ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠵᠤ ᠪᠠᠶᠢᠨ᠎ᠠ᠃

     ᠤᠯᠠᠭᠠᠨᠰᠤᠬᠠᠢ ᠶᠢᠨ ᠵᠠᠰᠠᠯᠲᠠ ᠶᠢᠨ ᠴᠢᠭᠯᠡᠯ ᠪᠣᠯ ᠲᠣᠳᠣᠷᠬᠠᠢ ᠶᠤᠮ᠂ ︽ᠪᠢᠳᠡ ᠶᠡᠷᠦᠩᠬᠡᠢ ᠱᠦᠵᠢ ᠶᠢᠨ ︿ᠤᠯᠠᠭᠠᠨᠰᠤᠬᠠᠢ ᠶᠢ ᠰᠡᠳᠬᠢᠯ ᠲᠠᠯᠪᠢᠨ ᠵᠠᠰᠠᠵᠤ᠂

ᠰᠡᠳᠬᠢᠯ ᠲᠠᠯᠪᠢᠨ ᠬᠠᠮᠠᠭᠠᠯᠠᠵᠤ᠂ ᠢᠮᠠᠭᠲᠠ ᠲᠤᠭᠤᠰᠢᠯᠠᠭᠤᠯᠵᠤ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠬᠤ﹀ ᠴᠢᠩ ᠰᠡᠳᠬᠢᠯ ᠤᠨ ᠬᠦᠰᠡᠯ

ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ

ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠭᠠᠨᠰᠤᠬᠠᠢ ᠡᠨᠡ ᠬᠦ ︿ᠪᠣᠭᠤᠮᠲᠠ ᠶᠢᠨ

ᠭᠠᠳᠠᠨᠠᠬᠢ ᠬᠡᠷᠡᠯᠳᠦ ᠰᠤᠪᠤᠳ﹀ ᠢ ᠨᠠᠩ ᠬᠥᠬᠡᠮᠳᠦᠭ ᠨᠣᠭᠤᠭᠠᠨ ᠠᠭᠤᠯᠠ ᠤᠰᠤ ᠲᠠᠢ᠂ ᠰᠢᠨ᠎ᠡ ᠰᠣᠷᠭᠤᠭ ᠠᠭᠠᠷ ᠮᠠᠨᠳᠠᠯ ᠲᠠᠢ ᠦᠵᠡᠰᠬᠦᠯᠡᠩᠲᠦ ᠰᠠᠶᠢᠬᠠᠨ ᠭᠡᠷ

ᠣᠷᠣᠨ ᠪᠣᠯᠭᠠᠨ᠎ᠠ︾ ᠭᠡᠵᠦ ᠾᠧ ᠸᠧᠢ ᠬᠤᠸᠠ ᠬᠡᠯᠡᠪᠡ᠃

   

调研6.3.png

     ᠨᠠᠭᠤᠷ ᠤᠨ ᠳᠣᠲᠣᠷᠠᠬᠢ ᠠᠰᠠᠭᠤᠳᠠᠯ ᠢ ᠨᠠᠭᠤᠷ ᠤᠨ ᠭᠠᠳᠠᠨ᠎ᠠ ᠬᠦᠴᠦ ᠣᠷᠣᠭᠤᠯᠵᠤ᠂ ᠪᠦᠭᠦ ᠡᠯᠧᠮᠧᠨ᠋ᠲ ᠤᠨ ᠵᠠᠰᠠᠯᠲᠠ ᠪᠠᠷ ︽ᠪᠣᠭᠤᠮᠲᠠ ᠶᠢᠨ ᠭᠠᠳᠠᠨᠠᠬᠢ

ᠬᠡᠷᠡᠯᠳᠦ ᠰᠤᠪᠤᠳ︾ ᠢ ᠲᠠᠭᠢᠨ ᠭᠡᠷᠡᠯ ᠭᠢᠯᠪᠠᠭ᠎ᠠ ᠰᠠᠴᠤᠷᠠᠭᠤᠯᠤᠨ᠎ᠠ

     ᠶᠡᠷᠦᠩᠬᠡᠢ ᠱᠦᠵᠢ ᠤᠯᠠᠭᠠᠨᠰᠤᠬᠠᠢ ᠳᠤ ᠰᠢᠨᠵᠢᠯᠡᠨ ᠪᠠᠶᠢᠴᠠᠭᠠᠬᠤ ᠳᠤ᠂ ᠣᠩᠭᠤᠴᠠᠴᠢᠨ ᠵᠢᠶᠠᠩ ᠳ᠋ᠧ ᠴᠢᠤᠸᠠᠨ᠄ ︽ᠶᠡᠷᠦᠩᠬᠡᠢ ᠱᠦᠵᠢ ᠲᠠᠢ ᠠᠭᠤᠯᠵᠠᠭᠠᠳ

ᠪᠢ ᠲᠦᠢᠯ ᠢᠶᠠᠷ ᠳᠣᠭᠳᠣᠯᠵᠤ ᠪᠠᠶᠢᠨ᠎ᠠ᠂ ᠶᠡᠷᠦᠩᠬᠡᠢ ᠱᠦᠵᠢ ᠤᠯᠠᠭᠠᠨᠰᠤᠬᠠᠢ ᠶᠢ ᠢᠩᠭᠢᠵᠦ ᠴᠢᠬᠤᠯᠠᠴᠢᠯᠠᠵᠤ ᠪᠠᠶᠢᠬᠤ ᠳᠤ ᠤᠯᠠᠭᠠᠨᠰᠤᠬᠠᠢ ᠶᠢᠨ ᠪᠦᠷᠢᠯᠳᠦᠭᠦᠨ

ᠪᠣᠯᠤᠭᠰᠠᠨ ᠪᠢᠳᠡ ᠵᠠᠪᠠᠯ ᠤᠯᠠᠭᠠᠨᠰᠤᠬᠠᠢ ᠶᠢ ᠰᠠᠶᠢᠲᠤᠷ ᠬᠠᠮᠠᠭᠠᠯᠠᠵᠤ᠂ ᠦᠷ᠎ᠡ ᠬᠤᠶᠢᠴᠢᠰ ᠲᠠᠭᠠᠨ ᠬᠥᠬᠡᠮᠳᠦᠭ ᠨᠣᠭᠤᠭᠠᠨ ᠠᠭᠤᠯᠠ ᠤᠰᠤ ᠦᠯᠡᠳᠡᠭᠡᠵᠦ ᠥᠭᠭᠦᠨ᠎ᠡ︾

ᠭᠡᠵᠦ ᠬᠡᠯᠡᠪᠡ᠃

     ᠵᠢᠶᠠᠩ ᠳ᠋ᠧ ᠴᠢᠤᠸᠠᠨ ᠪᠣᠯ ᠤᠯᠠᠭᠠᠨᠰᠤᠬᠠᠢ ᠶᠢᠨ ᠬᠥᠮᠥᠨ᠂ ᠡᠨᠡ ᠬᠦ ︽ᠨᠠᠭᠤᠷ︾ ᠤᠨ ᠲᠤᠬᠠᠢ ᠣᠨᠴᠠᠭᠠᠢ ᠳᠤᠷᠠᠳᠬᠠᠯ ᠲᠠᠢ᠃ ᠲᠡᠷᠡ᠄ ︽ᠪᠠᠭ᠎ᠠ ᠳᠠᠭᠠᠨ

ᠪᠢᠳᠡ ︿ᠨᠠᠭᠤᠷ ᠤᠨ ᠤᠰᠤ ᠪᠠᠷ ᠲᠣᠮᠣ ᠵᠢᠭᠠᠰᠤ ᠶᠢ ᠴᠢᠨᠠᠵᠤ﹀ ᠢᠳᠡᠵᠦ᠂ ᠤᠮᠳᠠᠭᠠᠰᠪᠠᠯ ᠨᠠᠭᠤᠷ ᠤᠨ ᠤᠰᠤ ᠶᠢ ᠤᠳᠬᠤᠵᠤ ᠤᠤᠭᠤᠳᠠᠭ ᠪᠠᠶᠢᠯ᠎ᠠ᠂ ᠰᠡᠭᠦᠯᠡᠷ ᠨᠢ

ᠵᠦᠢᠯ ᠵᠦᠢᠯ ᠤᠨ ᠰᠢᠯᠲᠠᠭᠠᠨ ᠠᠴᠠ ᠪᠣᠯᠵᠤ ᠤᠰᠤᠨ ᠤ ᠴᠢᠨᠠᠷ ᠨᠢ ᠮᠠᠭᠤᠳᠠᠵᠤ᠂ ᠡᠨᠡ ᠬᠡᠳᠦᠨ ᠵᠢᠯ ᠤᠨ ᠵᠠᠰᠠᠯᠲᠠ ᠪᠠᠷ ᠳᠡᠮᠵᠢᠨ ᠤᠰᠤ ᠨᠢ ᠳᠠᠬᠢᠨᠲᠠ ᠲᠤᠩᠭᠠᠯᠠᠭ 

ᠪᠣᠯᠵᠠᠢ︾ ᠭᠡᠵᠦ ᠬᠡᠯᠡᠪᠡ᠃

     ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠵᠦ᠂ ᠠᠮᠢ ᠠᠬᠤᠢ ᠪᠠᠷ ᠠᠷᠠᠳ ᠲᠤ ᠲᠤᠰᠠ ᠬᠢᠵᠦ᠂ ᠠᠮᠢ ᠠᠬᠤᠢ ᠪᠠᠷ ᠠᠷᠠᠳ ᠲᠤ ᠦᠢᠯᠡᠴᠢᠯᠡᠨ᠎ᠡ᠃

ᠤᠯᠠᠭᠠᠨᠰᠤᠬᠠᠢ ᠶᠢᠨ ᠬᠠᠮᠠᠭᠠᠯᠠᠯᠲᠠ ᠪᠠ ᠵᠠᠰᠠᠯᠲᠠ ᠶᠢᠨ ᠠᠰᠠᠭᠤᠳᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠰᠡᠳᠬᠢᠯ ᠢ ᠭᠦᠨ ᠲᠠᠲᠠᠵᠠᠢ᠃ ᠪᠦᠭᠦ ᠤᠯᠤᠰ ᠤᠨ

ᠬᠤᠶᠠᠷ ᠬᠤᠷᠠᠯ ᠤᠨ ᠬᠤᠭᠤᠴᠠᠭᠠᠨ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠶᠡᠷᠦᠩᠬᠡᠢ ᠱᠦᠵᠢ

ᠤᠯᠠᠭᠠᠨᠰᠤᠬᠠᠢ ᠶᠢᠨ ᠲᠤᠬᠠᠢ ᠭᠤᠷᠪᠠ ᠤᠳᠠᠭ᠎ᠠ ᠶᠠᠷᠢᠵᠤ ᠥᠩᠭᠡᠷᠡᠪᠡ᠃

     ᠤᠯᠠᠭᠠᠨᠰᠤᠬᠠᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ ᠤᠨ ᠡᠷᠭᠢᠯᠡᠭᠴᠢ ᠪᠦᠦ ᠸᠧᠢ ᠶᠡᠷᠦᠩᠬᠡᠢ ᠱᠦᠵᠢ ᠳᠤ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠂

ᠲᠡᠷᠡ ᠰᠤᠷᠪᠤᠯᠵᠢᠯᠠᠬᠴᠢ ᠳᠤ᠂ ᠤᠯᠠᠭᠠᠨᠰᠤᠬᠠᠢ ᠶᠢ ᠨᠢᠭᠡᠳᠦᠯᠲᠡᠢ ᠲᠥᠯᠥᠪᠵᠢᠭᠦᠯᠦᠨ ᠵᠠᠰᠠᠭᠰᠠᠨ ᠨᠢ 2018 ᠣᠨ ᠠᠴᠠ ᠡᠬᠢᠯᠡᠵᠦ᠂ ᠠᠭᠤᠯᠠ ᠤᠰᠤ ᠤᠢ ᠮᠣᠳᠣ

ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮᠵᠢᠭᠦᠯᠦᠨ ᠵᠠᠰᠠᠬᠤ ᠣᠶᠢᠯᠠᠭᠠᠭᠳᠠᠬᠤᠨ ᠶᠣᠰᠣᠭᠠᠷ᠂ ︽ᠨᠠᠭᠤᠷ ᠴᠥᠭᠦᠷᠥᠮ ᠢ

ᠵᠠᠰᠠᠬᠤ︾ ᠠᠴᠠ ︽ᠰᠠᠪᠠ ᠭᠠᠵᠠᠷ ᠢ ᠵᠠᠰᠠᠬᠤ︾ ᠲᠡᠶᠢᠰᠢ ᠬᠤᠪᠢᠷᠠᠭᠤᠯᠵᠤ᠂ ︽ᠲᠠᠩ ᠡᠯᠧᠮᠧᠨ᠋ᠲ︾ ᠤᠨ ᠠᠮᠢ ᠠᠬᠤᠢ ᠶᠢ ᠰᠡᠷᠭᠦᠭᠡᠨ ᠵᠠᠰᠠᠬᠤ ᠠᠴᠠ ︽ᠤᠯᠠᠨ

ᠡᠯᠧᠮᠧᠨ᠋ᠲ︾  ᠤᠨ ᠠᠮᠢ ᠠᠬᠤᠢ ᠶᠢ ᠰᠡᠷᠭᠦᠭᠡᠨ ᠵᠠᠰᠠᠬᠤ ᠲᠡᠶᠢᠰᠢ ᠬᠤᠪᠢᠷᠠᠭᠤᠯᠪᠠ᠃ 2018 ᠣᠨ ᠠᠴᠠ ᠡᠬᠢᠯᠡᠨ᠂ ᠵᠢᠯ ᠪᠦᠷᠢ ᠬᠠᠲᠤᠨ ᠭᠤᠣᠯ ᠤᠨ ᠰᠦᠩ

ᠬᠠᠯᠢᠶ᠎ᠠ ᠦᠶᠡᠷ ᠤᠨ ᠬᠤᠭᠤᠴᠠᠭ᠎ᠠ ᠪᠣᠯᠣᠨ ᠤᠰᠤᠯᠠᠯᠲᠠ ᠶᠢᠨ ᠵᠠᠪᠰᠠᠷᠯᠠᠭ᠎ᠠ ᠶᠢᠨ ᠬᠤᠭᠤᠴᠠᠭ᠎ᠠ ᠶᠢ ᠠᠰᠢᠭᠯᠠᠨ᠂ ᠤᠯᠠᠭᠠᠨᠰᠤᠬᠠᠢ ᠳᠤ ᠠᠮᠢ ᠠᠬᠤᠢ ᠶᠢᠨ ᠤᠰᠤ

ᠨᠥᠬᠦᠪᠦᠷᠢᠯᠡᠵᠦ᠂ ᠤᠰᠤ ᠨᠥᠬᠦᠪᠦᠷᠢᠯᠡᠬᠦ ᠬᠡᠮᠵᠢᠶ᠎ᠡ ᠨᠢ 3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠠᠴᠠ ᠳᠡᠭᠡᠭᠰᠢ ᠪᠠᠶᠢᠵᠤ᠂ ᠣᠳᠣᠬᠠᠨ ᠳᠤ ᠨᠠᠭᠤᠷ ᠤᠨ

ᠣᠷᠣᠨ ᠤ ᠲᠠᠯᠠᠪᠠᠶ ᠨᠢ 293 ᠲᠡᠭᠰᠢ ᠳᠥᠷᠪᠡᠯᠵᠢᠨ ᠺᠢᠯᠣᠮᠧᠳ᠋ᠷ ᠲᠤ ᠲᠣᠬᠲᠠᠪᠤᠷᠢᠵᠢᠪᠠ︔ ᠤᠯᠠᠭᠠᠨᠰᠤᠬᠠᠢ ᠶᠢᠨ ᠳᠡᠭᠡᠳᠦ ᠤᠷᠤᠰᠬᠠᠯ ᠤᠨ ᠤᠯᠠᠭᠠᠨᠪᠤᠬ᠎ᠠ ᠡᠯᠡᠰᠦᠨ

ᠴᠥᠯ ᠳᠤ ᠶᠡᠭᠡ ᠬᠡᠪᠴᠢᠶ᠎ᠡ ᠪᠠᠷ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠵᠤ ᠡᠭᠢᠯᠡᠪᠡ︔ ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ ︽ᠤᠰᠤ ᠶᠢ

ᠬᠢᠵᠠᠭᠠᠷᠯᠠᠬᠤ᠂ ᠲᠠᠷᠢᠶᠠᠨ ᠡᠮ ᠢ ᠬᠢᠵᠠᠭᠠᠷᠯᠠᠬᠤ᠂ ᠰᠦᠯᠢᠶᠥᠦ ᠪᠦᠷᠬᠦᠪᠴᠢ ᠶᠢ ᠬᠢᠵᠠᠭᠠᠷᠯᠠᠬᠤ᠂ ᠪᠣᠷᠳᠣᠭᠤᠷ ᠢ ᠬᠢᠵᠠᠭᠠᠷᠯᠠᠬᠤ᠂ ᠮᠠᠯ ᠵᠢᠭᠦᠷᠲᠡᠨ ᠤ ᠢᠯᠭᠠᠳᠠᠰᠤ ᠶᠢ

ᠬᠤᠣᠷ ᠦᠭᠡᠶᠢᠳᠡᠭᠦᠯᠦᠨ ᠰᠢᠢᠳᠪᠦᠷᠢᠯᠡᠬᠦ᠂ ᠡᠰᠢ ᠰᠦᠷᠡᠯ ᠢ ᠡᠬᠢ ᠪᠠᠶᠠᠯᠢᠭᠵᠢᠭᠤᠯᠤᠨ ᠠᠰᠢᠭᠯᠠᠬᠤ︾ ᠶᠢ ᠥᠷᠨᠢᠭᠦᠯᠪᠡ︔ ᠬᠤᠲᠠ ᠪᠠᠯᠭᠠᠰᠤ ᠪᠣᠯᠣᠨ ᠠᠵᠤ

ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠵᠠᠰᠠᠬᠤ ᠲᠠᠯ᠎ᠠ ᠪᠠᠷ᠂ ᠪᠣᠬᠢᠷ ᠤᠰᠤ ᠶᠢ ᠵᠠᠰᠠᠬᠤ ᠦᠢᠯᠡᠳᠪᠦᠷᠢ ᠶᠢ ᠰᠠᠶᠢᠲᠤᠷ ᠪᠠᠶᠢᠭᠤᠯᠵᠤ᠂ ᠨᠢᠭᠡᠨᠲᠡ ᠪᠠᠶᠢᠭ᠎ᠠ ᠪᠣᠬᠢᠷ

ᠤᠰᠤ ᠶᠢ ᠵᠠᠰᠠᠬᠤ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠵᠦ᠂ ᠠᠷᠢᠭᠤᠳᠬᠠᠭᠰᠠᠨ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ

ᠳᠡᠭᠡᠭᠰᠢᠯᠡᠭᠦᠯᠪᠡ︔ ᠤᠯᠠᠭᠠᠨᠰᠤᠬᠠᠢ ᠶᠢᠨ 4 ᠤᠰᠤ ᠣᠷᠣᠬᠤ ᠠᠮᠠ ᠳᠤ ᠶᠡᠭᠡ ᠪᠠᠭ᠎ᠠ ᠨᠢ ᠠᠳᠠᠯᠢ ᠪᠤᠰᠤ ᠵᠣᠬᠢᠶᠠᠮᠠᠯ ᠨᠤᠭᠤ ᠭᠠᠵᠠᠷ ᠢ ᠪᠠᠶᠢᠭᠤᠯᠵᠤ᠂ ᠤᠰᠤᠨ ᠤ

ᠴᠢᠨᠠᠷ ᠢ ᠨᠢ ᠠᠶᠠᠨᠳᠠᠭᠠᠨ ᠰᠠᠶᠢᠵᠢᠷᠠᠭᠤᠯᠤᠭᠰᠠᠨ ᠤ ᠳᠠᠷᠠᠭ᠎ᠠ ᠤᠯᠠᠭᠠᠨᠰᠤᠬᠠᠢ ᠳᠤ ᠣᠷᠣᠭᠤᠯᠪᠠ︔ ᠨᠠᠭᠤᠷ ᠤᠨ ᠣᠷᠣᠨ ᠳᠤ ᠤᠰᠤᠨ ᠵᠠᠮ ᠢ ᠯᠠᠶᠢᠳᠠᠬᠤ

ᠢᠨᠵᠧᠨᠧᠷᠢᠩ ᠢ ᠥᠷᠨᠢᠭᠦᠯᠵᠦ᠂  ᠬᠤᠯᠤᠰᠤ ᠢᠭᠴᠤ ᠰᠠᠬᠤᠯᠢᠭ ᠭᠠᠵᠠᠷ ᠲᠤ ᠤᠰᠤᠨ ᠵᠠᠮ ᠭᠠᠷᠭᠠᠵᠤ᠂ ᠤᠰᠤᠨ ᠤ ᠬᠥᠳᠡᠯᠭᠡᠬᠦ ᠬᠦᠴᠦᠨ ᠢ ᠰᠠᠶᠢᠵᠢᠷᠠᠭᠤᠯᠵᠤ᠂

ᠤᠰᠤ ᠶᠢ ᠤᠷᠤᠰᠬᠠᠪᠠ︔  ᠤᠯᠠᠭᠠᠨᠰᠤᠬᠠᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ ᠪᠣᠯᠣᠨ ᠳᠤᠮᠳᠠᠳᠤ ᠤᠯᠤᠰ ᠤᠨ ᠣᠷᠴᠢᠨ ᠲᠣᠭᠤᠷᠢᠨ ᠤ ᠰᠢᠨᠵᠢᠯᠡᠬᠦ

ᠤᠬᠠᠭᠠᠨ ᠤ ᠬᠦᠷᠢᠶᠡᠯᠡᠩ ᠬᠠᠮᠲᠤᠷᠠᠨ ᠨᠠᠭᠤᠷ ᠤᠨ ᠢᠷᠤᠭᠠᠷ ᠤᠨ ᠨᠦᠯᠦᠮᠡᠯ ᠰᠢᠪᠠᠷ ᠰᠢᠷᠣᠢ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠨᠠᠭᠤᠷ ᠤᠨ

ᠢᠷᠤᠭᠠᠷ ᠤᠨ ᠨᠦᠯᠦᠮᠡᠯ ᠰᠢᠪᠠᠷ ᠰᠢᠷᠣᠢ ᠶᠢ ᠶᠡᠭᠡ ᠬᠡᠪᠴᠢᠶ᠎ᠡ ᠪᠠᠷ ᠴᠡᠪᠡᠷᠯᠡᠵᠡᠢ ᠭᠡᠪᠡ᠃

      ᠠᠮᠢ ᠠᠬᠤᠢ ᠶᠢᠨ ᠰᠠᠶᠢᠨ ᠮᠠᠭᠤ ᠶᠢ ᠰᠢᠪᠠᠭᠤ ᠬᠠᠮᠤᠭ ᠠᠴᠠ ᠮᠡᠳᠡᠨ᠎ᠡ᠃ ᠥᠨᠥᠳᠥᠷ᠂ ᠤᠯᠠᠭᠠᠨᠰᠤᠬᠠᠢ ᠶᠢᠨ ᠡᠷᠭᠢ ᠪᠠᠷ ᠰᠡᠯᠡᠭᠦᠴᠡᠨ ᠠᠯᠬᠤᠯᠠᠬᠤ ᠳᠤ

ᠣᠭᠲᠠᠷᠭᠤᠢ ᠳᠤ ᠰᠢᠪᠠᠭᠤᠳ ᠬᠠᠯᠢᠨ ᠳᠡᠭᠦᠯᠢᠵᠦ᠂ ᠨᠠᠭᠤᠷ ᠳᠡᠭᠡᠷ᠎ᠡ ᠬᠤᠯᠤᠰᠤ ᠬᠥᠬᠡᠷᠡᠨ ᠨᠣᠭᠤᠭᠠᠷᠠᠵᠤ᠂ ᠨᠢᠭᠡ ᠦᠶ᠎ᠡ ᠬᠠᠷᠠᠭᠳᠠᠬᠤ ᠪᠠᠨ ᠪᠣᠯᠢᠭᠰᠠᠨ ᠬᠤᠨ

ᠭᠠᠯᠠᠭᠤ  ᠴᠤ ᠨᠠᠭᠤᠷ ᠳᠣᠲᠣᠷ᠎ᠠ ᠳᠠᠭᠢᠨ ᠵᠤᠭᠠᠴᠠᠵᠤ ᠪᠠᠶᠢᠯ᠎ᠠ᠃ ᠣᠳᠣᠬᠠᠨ ᠳᠤ᠂ 260 ᠭᠠᠷᠤᠢ ᠲᠦᠷᠤᠯ ᠤᠨ 600 ᠭᠠᠷᠤᠢ ᠲᠦᠮᠡᠨ ᠰᠢᠪᠠᠭᠤ ᠤᠯᠠᠭᠠᠨᠰᠤᠬᠠᠢ

ᠨᠠᠭᠤᠷ ᠲᠤ ᠦᠷᠡᠵᠢᠨ ᠨᠤᠲᠤᠭᠰᠢᠵᠤ᠂ ᠤᠯᠠᠭᠠᠨᠰᠤᠬᠠᠢ ᠨᠢ ᠨᠡᠭᠦᠳᠡᠯ ᠤᠨ ᠰᠢᠪᠠᠭᠤᠳ ᠤᠨ ᠳ᠋ᠧᠪᠡᠵᠡᠨ ᠣᠷᠣᠨ ᠪᠣᠯᠵᠠᠢ᠃ 

      ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ ᠤᠯᠠᠭᠠᠨᠰᠤᠬᠠᠢ ᠳᠠᠬᠢᠨᠲᠠ ᠭᠡᠷᠡᠯ ᠭᠢᠯᠪᠠᠭ᠎ᠠ ᠪᠠᠨ ᠰᠠᠴᠤᠷᠠᠭᠤᠯᠤᠯ᠎ᠠ᠃

   

调研6.4.png

      ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠦᠷ᠎ᠡ ᠬᠤᠶᠢᠴᠢᠰ ᠲᠠᠭᠠᠨ ᠬᠥᠬᠡᠮᠳᠦᠭ ᠨᠣᠭᠤᠭᠠᠨ ᠠᠭᠤᠯᠠ 

ᠤᠰᠤ᠂ ᠰᠢᠨ᠎ᠡ ᠰᠣᠷᠭᠤᠭ ᠠᠭᠠᠷ ᠮᠠᠨᠳᠠᠯ ᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢ ᠦᠯᠡᠳᠡᠭᠡᠵᠦ ᠥᠭᠭᠦᠨ᠎ᠡ

      ᠤᠯᠠᠭᠠᠨᠰᠤᠬᠠᠢ ᠶᠢᠨ ᠦᠵᠡᠮᠵᠢ ᠶᠢᠨ ᠣᠷᠣᠨ ᠳᠤ᠂ ︽ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ

ᠪᠣᠯ  ᠠᠮᠢ ᠨᠠᠰᠤᠨ ᠤ ᠬᠠᠮᠲᠤ ᠶᠢᠨ ᠴᠣᠭᠴᠠ ᠮᠥᠨ︾ ᠭᠡᠬᠦ ᠤᠷᠢᠶ᠎ᠠ ᠯᠣᠽᠦ᠋ᠩ ᠲᠦᠢᠯ ᠤᠨ ᠢᠯᠡ ᠲᠣᠳᠣ ᠬᠠᠷᠠᠭᠳᠠᠨ᠎ᠠ᠃ ᠨᠢᠭᠡ ᠨᠠᠭᠤᠷ ᠢ ᠬᠠᠮᠠᠭᠠᠯᠠᠬᠤ ᠠᠴᠠ

ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠭᠦᠷᠲᠡᠯ᠎ᠡ᠂ ᠤᠯᠠᠭᠠᠨᠰᠤᠬᠠᠢ ᠶᠢᠨ ᠶᠡᠷᠦᠩᠬᠡᠢ ᠵᠠᠰᠠᠯᠲᠠ ᠨᠢ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ

ᠪᠦᠷᠢᠳᠦ ᠨᠤᠲᠤᠭ ᠪᠡᠯᠴᠢᠭᠡᠷ ᠡᠯᠡᠰᠦᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠭᠦᠨᠵᠡᠭᠡᠢ ᠢᠯᠡᠷᠡᠭᠦᠯᠦᠭᠰᠡᠨ ᠪᠥᠭᠡᠳ ᠥᠪᠥᠷ

ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠬᠢᠴᠠ ᠳᠤᠮᠳᠠ ᠠᠯᠬᠤᠭᠰᠠᠨ ᠴᠢᠬᠤᠯᠠ ᠠᠯᠬᠤᠮ ᠪᠣᠯᠣᠨ᠎ᠠ᠃

     ︽ᠦᠵᠡᠭᠦᠯᠭᠡ ᠶᠢᠨ ᠰᠠᠮᠪᠠᠷ᠎ᠠ ᠶᠢᠨ ᠡᠮᠦᠨ᠎ᠡ᠂ ᠪᠢ ᠶᠡᠷᠦᠩᠬᠡᠢ ᠱᠦᠵᠢ ᠳᠤ ᠤᠯᠠᠭᠠᠨᠰᠤᠬᠠᠢ ᠶᠢᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ

ᠪᠦᠷᠢᠳᠦ  ᠨᠤᠲᠤᠭ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠨ ᠵᠠᠰᠠᠬᠤ ᠰᠡᠳᠬᠢᠴᠡ ᠶᠢ ᠬᠠᠷᠢᠭᠤ ᠮᠡᠳᠡᠭᠦᠯᠬᠦ ᠳᠤ᠂ ᠶᠡᠷᠦᠩᠬᠡᠢ ᠱᠦᠵᠢ

ᠪᠠᠶᠠᠨᠨᠠᠭᠤᠷ ᠬᠤᠳᠠ ᠶᠢᠨ ᠭᠠᠵᠠᠷ ᠤᠨ ᠪᠠᠶᠢᠴᠠ᠂ ᠤᠯᠠᠭᠠᠨᠰᠤᠬᠠᠢ ᠶᠢᠨ ᠳᠡᠭᠡᠳᠦ ᠤᠷᠤᠰᠬᠠᠯ ᠤᠨ ᠡᠯᠡᠰᠦ ᠶᠢ ᠬᠡᠷᠬᠢᠨ ᠵᠠᠰᠠᠭᠰᠠᠨ ᠢ ᠪᠠᠭᠲᠠᠭᠠᠭᠰᠠᠨ ᠮᠠᠰᠢ ᠤᠯᠠᠨ

ᠠᠰᠠᠭᠤᠳᠠᠯ ᠢ ᠨᠠᠷᠢᠨ ᠠᠰᠠᠭᠤᠪᠠ᠂ ᠡᠳᠡᠭᠡᠷ ᠠᠴᠠ ᠶᠡᠷᠦᠩᠬᠡᠢ ᠱᠦᠵᠢ ᠶᠢᠨ ᠤᠯᠠᠭᠠᠨᠰᠤᠬᠠᠢ ᠶᠢᠨ ᠠᠮᠢ ᠠᠬᠤᠢ ᠶᠢᠨ ᠬᠠᠮᠠᠭᠠᠯᠠᠯᠲᠠ ᠶᠢ ᠲᠦᠢᠯ ᠢᠶᠠᠷ ᠬᠠᠯᠠᠮᠵᠢᠯᠠᠵᠤ

ᠪᠠᠶᠢᠬᠤ ᠶᠢ ᠣᠶᠢᠯᠠᠭᠠᠵᠤ ᠪᠣᠯᠣᠨ᠎ᠠ︾ ᠭᠡᠵᠦ ᠾᠧ ᠸᠧᠢ ᠬᠤᠸᠠ ᠬᠡᠯᠡᠪᠡ᠃

     ︽ᠲᠠᠷᠠᠭᠠᠴᠢ ᠶᠢᠨ ᠠᠯᠬᠤᠮ ᠳᠤ ᠪᠢᠳᠡ ᠦᠷᠭᠦᠯᠵᠢᠯᠡᠨ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠬᠥᠬᠡᠮᠳᠦᠭ ᠨᠣᠭᠤᠭᠠᠨ ᠠᠭᠤᠯᠠ

ᠤᠰᠤ ᠶᠢ ᠠᠯᠲᠠ ᠮᠥᠩᠭᠦᠨ ᠠᠭᠤᠯᠠ ᠪᠤᠯᠭᠠᠵᠤ᠂ ᠤᠯᠠᠭᠠᠨᠰᠤᠬᠠᠢ ᠭᠡᠬᠦ ︿ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ﹀ ᠢ ᠤᠯᠠᠮ ᠦᠵᠡᠰᠬᠦᠯᠡᠩᠲᠦ ᠰᠠᠶᠢᠬᠠᠨ

ᠪᠤᠯᠭᠠᠬᠤ ᠪᠠᠷ ᠴᠢᠷᠮᠠᠶᠢᠨ᠎ᠠ︾ ᠭᠡᠵᠦ ᠤᠯᠠᠭᠠᠨᠰᠤᠬᠠᠢ ᠳᠤ ᠰᠢᠨᠵᠢᠯᠡᠨ ᠪᠠᠶᠢᠴᠠᠭᠠᠵᠤ ᠳᠠᠭᠤᠰᠬᠤ ᠳᠤ ᠪᠦᠦ ᠸᠧᠢ ᠶᠡᠷᠦᠩᠬᠡᠢ ᠱᠦᠵᠢ ᠳᠤ ᠣᠪᠣᠷ ᠢᠶᠠᠨ ᠢᠯᠡᠳᠬᠡᠪᠡ᠃

ᠦᠵᠡᠰᠬᠦᠯᠡᠩᠲᠦ ᠰᠠᠶᠢᠬᠠᠨ ᠵᠢᠷᠤᠭ ᠲᠥᠰᠥᠪ ᠵᠢᠷᠤᠭᠯᠠᠭᠳᠠᠯ᠎ᠠ᠂ ᠪᠢᠳᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭᠠᠨ ᠳᠤ ᠡᠯ᠎ᠡ

ᠵᠦᠢᠯ ᠤᠨ ᠲᠣᠭᠲᠠᠭᠰᠠᠨ ᠬᠠᠷᠠᠯᠲᠠ ᠪᠠ ᠭᠦᠢᠴᠡᠳᠬᠡᠯ ᠲᠤᠭ᠎ᠠ ᠶᠢ ᠪᠡᠶᠡᠯᠡᠭᠦᠯᠵᠦ᠂ ᠵᠢᠭᠠᠰᠤᠴᠢᠨ ᠤ ᠡᠷᠭᠢ ᠳᠤ ᠭᠠᠷᠬᠤ ᠢᠨᠵᠧᠨᠧᠷᠢᠩ ᠢ ᠦᠷᠭᠦᠯᠵᠢᠯᠡᠨ

ᠬᠡᠷᠡᠭᠵᠢᠭᠦᠯᠵᠦ᠂ ᠠᠮᠢ ᠠᠬᠤᠢ ᠶᠢᠨ ᠲᠣᠬᠢᠷᠠᠭᠤᠯᠤᠯ ᠡᠵᠡᠮᠳᠡᠯ ᠢᠶᠠᠷ ᠳᠠᠮᠵᠢᠭᠤᠯᠤᠨ ᠬᠠᠷᠢᠴᠠᠩᠭᠤᠢ ᠪᠦᠷᠢᠨ ᠪᠦᠲᠦᠨ ᠠᠮᠢᠳᠤ ᠪᠣᠳᠠᠰ ᠤᠨ ᠬᠡᠯᠬᠢᠶ᠎ᠡ ᠶᠢ ᠪᠠᠶᠢᠭᠤᠯᠵᠤ᠂

ᠣᠨᠴᠠ ᠲᠥᠷᠥᠯ ᠤᠨ ᠲᠤᠭ᠎ᠠ ᠬᠡᠮᠵᠢᠶᠡᠨ ᠤ ᠵᠢᠭᠠᠰᠤ ᠶᠢ ᠬᠠᠨᠳᠤᠯᠭ᠎ᠠ ᠲᠠᠢ ᠪᠠᠷ ᠲᠠᠯᠪᠢᠵᠤ᠂ ᠬᠢᠨᠠᠨ ᠬᠡᠮᠵᠢᠯᠲᠡ ᠬᠢᠵᠦ᠂ ᠵᠢᠭᠠᠰᠤ᠂ ᠡᠪᠡᠰᠦ᠂ ᠵᠠᠮᠠᠭ ᠤᠨ

ᠬᠠᠷᠢᠴᠠᠩᠭᠤᠢ ᠲᠡᠩᠴᠡᠭᠦᠷᠢ ᠶᠢ ᠪᠡᠶᠡᠯᠡᠭᠦᠯᠵᠦ᠂ ᠬᠤᠶᠢᠰᠢᠳᠠ ᠶᠢᠨ ᠤᠯᠠᠭᠠᠨᠰᠤᠬᠠᠢ ᠶᠢᠨ ᠣᠷᠳᠣ ᠬᠤᠭᠤᠴᠠᠭᠠᠨ ᠤ ᠵᠠᠰᠠᠯᠲᠠ ᠳᠤ ᠰᠠᠭᠤᠷᠢ ᠨᠥᠬᠦᠴᠡᠯ ᠬᠠᠩᠭᠠᠨ᠎ᠠ

ᠭᠡᠵᠦ ᠪᠤᠤ ᠸᠧᠢ ᠬᠡᠯᠡᠪᠡ᠃

      ᠶᠡᠷᠦᠩᠬᠡᠢ ᠱᠦᠵᠢ ᠤᠯᠠᠭᠠᠨᠰᠤᠬᠠᠢ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠨᠢ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠤ ᠤᠷᠮ᠎ᠠ ᠵᠣᠷᠢᠭ ᠢ

ᠬᠥᠭᠵᠢᠭᠡᠭᠰᠡᠨ ᠪᠥᠭᠡᠳ ᠨᠡᠩ ᠡᠷᠴᠢ ᠵᠣᠷᠢᠭ ᠢ ᠲᠡᠭᠦᠯᠳᠡᠷᠵᠢᠭᠦᠯᠵᠡᠢ᠃ ᠥᠪᠥᠷ ᠮᠣᠩᠭᠤᠯ ᠤᠨ ᠤᠯᠠᠭᠠᠨᠰᠤᠬᠠᠢ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ

ᠺᠤᠮᠫᠠᠨᠢ ᠶᠢᠨ ᠠᠵᠢᠯᠴᠢᠨ ᠤ ᠡᠪᠯᠡᠯ ᠤᠨ ᠲᠡᠷᠢᠭᠦᠯᠡᠭᠴᠢ ᠮᠠ ᠬᠠᠢ ᠮᠢᠩ᠄ ︽ᠶᠡᠷᠦᠩᠬᠡᠢ ᠱᠦᠵᠢ ᠶᠢᠨ ᠤᠯᠠᠭᠠᠨᠰᠤᠬᠠᠢ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ

ᠮᠡᠳᠡᠭᠡᠯᠡᠯ ᠢ ᠦᠵᠡᠭᠡᠳ ᠪᠢ ᠲᠦᠢᠯ ᠢᠶᠠᠷ ᠳᠣᠭᠳᠣᠯᠪᠠ᠃ ᠶᠡᠷᠦᠩᠬᠡᠢ ᠱᠦᠵᠢ᠂ ᠰᠡᠳᠬᠢᠯ ᠲᠠᠯᠪᠢᠨ ᠵᠠᠰᠠᠵᠤ᠂ ᠨᠢᠮᠪᠠᠢ ᠬᠠᠶᠢᠷᠠᠯᠠᠨ ᠬᠠᠮᠠᠭᠠᠯᠠᠵᠤ᠂ ᠤᠷᠳᠤ

ᠬᠤᠭᠤᠴᠠᠭ᠎ᠠ ᠪᠠᠷᠢᠮᠲᠠᠯᠠᠵᠤ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠡᠨᠡ ᠬᠦ ︿ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ﹀ ᠢ ᠰᠠᠶᠢᠲᠤᠷ ᠰᠠᠬᠢᠨ 

ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠪᠢᠳᠡ ᠡᠨᠡ ᠬᠦ ᠨᠤᠲᠤᠭ ᠳᠡᠪᠢᠰᠬᠡᠷ ᠢᠶᠠᠨ ᠨᠠᠩ ᠬᠠᠶᠢᠷᠠᠯᠠᠵᠤ᠂ ᠰᠠᠶᠢᠲᠤᠷ ᠬᠠᠮᠠᠭᠠᠯᠠᠵᠤ᠂ ᠲᠡᠭᠦᠨ ᠢ ᠤᠯᠠᠮ ᠠᠴᠠ

ᠤᠯᠠᠮ ᠭᠤᠶᠤ ᠪᠣᠯᠭᠠᠨ᠎ᠠ︾ ᠭᠡᠵᠦ ᠬᠡᠯᠡᠪᠡ᠃

   

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ‍