ᠣᠶᠢᠷ᠎ᠠ ᠶᠢᠨ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤᠨ ᠤ ᠰᠢ ᠰᠢᠶᠤᠤ ᠵᠤᠤ ᠪᠠᠯᠭᠠᠰᠤᠨ ᠤ ᠨᠠᠮ ᠤᠨ ᠬᠤᠷᠢᠶ᠎ᠠ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠬᠦᠴᠦ ᠪᠠᠨ ᠲᠠᠯᠪᠢᠨ᠂ ᠭᠤᠷᠪᠠᠨ | ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ 8 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠪᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠪᠡ | ᠠᠷᠠᠳ ᠲᠦᠮᠡᠨ ᠤ ᠪᠠᠶᠠᠨ ᠪᠠᠶᠢᠬᠤ ᠡᠰᠡᠬᠦ ᠶᠢᠨ ᠵᠠᠩᠭᠢᠯᠠᠭ᠎ᠠ ᠨᠢ ᠨᠠᠮ ᠤᠨ ᠡᠭᠦᠷ ᠲᠤ ᠪᠠᠶᠢᠵᠤ᠂ ᠠᠵᠢᠯ ᠤᠨ ᠬᠦᠴᠦᠷᠬᠡᠭ ᠪᠠᠶᠢᠬᠤ ᠡᠰᠡᠬᠦ ᠨᠢ | ᠲᠠᠭᠠᠭᠤᠯᠤᠬᠴᠢ ᠳᠤ ᠪᠤᠢ᠃ ᠤᠷᠠᠳ ᠤᠨ ᠡᠮᠦᠨᠡᠲᠦ ᠬᠤᠰᠢᠭᠤᠨ ᠤ ᠰᠢ ᠰᠢᠶᠤᠤ ᠵᠤᠤ ᠪᠠᠯᠭᠠᠰᠤᠨ ᠤ 8 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠲᠥᠷᠥᠯ ᠵᠦᠢᠯ ᠢ ᠬᠡᠷᠡᠭᠵᠢᠭᠦᠯᠬᠦ ᠡᠬᠢᠨ ᠤ ᠦᠶ᠎ᠡ ᠳᠤ᠂ ᠲᠠᠷᠢᠶᠠᠴᠢᠨ ᠡᠷᠦᠬᠡ ᠨᠡᠶᠢᠳᠡᠮ ᠳᠤ ᠪᠠᠨ ᠲᠣᠰ ᠲᠥᠷᠥᠯ ᠵᠦᠢᠯ ᠳᠤ ᠡᠷᠡᠭᠡᠯᠵᠡᠭᠡ ᠲᠠᠢ ᠪᠠᠶᠢᠪᠠ᠃ | ᠪᠠᠯᠭᠠᠰᠤᠨ ᠤ ᠨᠠᠮ ᠤᠨ ᠬᠤᠷᠢᠶ᠎ᠠ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠠᠮ ᠤᠨ ᠭᠡᠰᠢᠭᠦᠨ ᠺᠠᠳ᠋ᠷ ᠴᠢᠬᠤᠯᠠ ᠶᠡᠭᠡ ᠲᠥᠷᠥᠯ ᠵᠦᠢᠯ ᠢ ᠳᠠᠭᠠᠭᠠᠴᠢᠯᠠᠨ | ᠬᠠᠷᠢᠯᠴᠠᠬᠤ ᠠᠷᠭ᠎ᠠ ᠬᠡᠯᠪᠡᠷᠢ ᠶᠢ ᠠᠪᠴᠤ᠂ 8 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠨᠠᠮ ᠤᠨ ᠭᠡᠰᠢᠭᠦᠨ ᠺᠠᠳ᠋ᠷ ᠤᠨ ᠲᠤᠰᠬᠠᠶ ᠠᠩᠭᠢ ᠶᠢ | ᠪᠠᠶᠢᠭᠤᠯᠵᠤ᠂ ᠤᠳᠤᠷᠢᠳᠬᠤ ᠪᠠᠭ ᠤᠨ ᠪᠦᠷᠢᠯᠳᠦᠬᠦᠨ ᠴᠡᠭ ᠠᠴᠠ ᠴᠡᠭ ᠲᠤ ᠦᠢᠯᠡᠴᠢᠯᠡᠬᠦ ᠲᠥᠷᠥᠯ ᠵᠦᠢᠯ ᠤᠨ ᠲᠣᠭᠲᠠᠴᠠ ᠶᠢ ᠬᠡᠷᠡᠭᠵᠢᠭᠦᠯᠵᠦ᠂ ᠨᠢᠭᠡ ᠲᠥᠷᠥᠯ | ᠵᠦᠢᠯ ᠤᠨ ᠭᠠᠵᠠᠷ ᠲᠤ ᠨᠢᠭᠡ ᠤᠳᠤᠷᠢᠳᠤᠯᠭ᠎ᠠ ᠨᠢᠭᠡ ᠲᠤᠰᠬᠠᠶ ᠠᠩᠭᠢ ᠨᠢᠭᠡ ᠲᠥᠰᠦᠯ ᠲᠠᠢ ᠪᠠᠶᠢᠯᠭᠠᠨ ᠡᠴᠦᠰ ᠲᠤᠨᠢ ᠲᠤᠯᠲᠠᠯ᠎ᠠ ᠬᠡᠷᠡᠭᠵᠢᠭᠦᠯᠵᠦ᠂ ᠴᠢᠬᠤᠯᠠ ᠶᠡᠭᠡ | ᠲᠥᠷᠥᠯ ᠵᠦᠢᠯ ᠤᠨ ᠡᠮᠬᠢ ᠵᠢᠷᠤᠮ ᠲᠠᠢ ᠠᠬᠢᠭᠤᠯᠬᠤ ᠳᠤ ᠬᠦᠴᠦᠨ ᠨᠡᠮᠡᠷᠢᠯᠡᠪᠡ᠃ ᠡᠭᠦᠨ ᠤ ᠬᠠᠮᠲᠤ᠂ ᠬᠤᠯᠪᠣᠭᠳᠠᠬᠤ ᠭᠤᠷᠪᠠᠨ ᠲᠣᠰᠬᠤᠨ ᠤ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠠᠷ ᠲᠦᠰᠢᠭ ᠪᠣᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠠᠷᠠᠳ ᠲᠠᠢ ᠶᠠᠷᠢᠯᠴᠠᠬᠤ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠠᠰᠠᠭᠤᠳᠠᠯ ᠢ ᠬᠠᠮᠲᠤ ᠪᠠᠷ ᠵᠥᠪᠳᠡᠯᠴᠡᠬᠦ᠂ | ᠬᠥᠭᠵᠢᠯᠲᠡ ᠶᠢ ᠬᠠᠮᠲᠤ ᠪᠠᠷ ᠵᠥᠪᠯᠡᠬᠦ ︽ᠨᠢᠭᠡ ᠬᠥᠯᠭᠡ ᠰᠢᠲᠠᠷ᠎ᠠ︾ ᠶᠢᠨ ᠦᠢᠯᠡᠴᠢᠯᠡᠬᠡᠨ ᠤ ᠪᠠᠶᠢᠷᠢᠰᠢᠯ ᠢ ᠪᠦᠷᠢᠯᠳᠦᠭᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠣᠳᠣᠬᠠᠨ ᠳᠤ᠂ ᠲᠥᠷᠥᠯ | ᠵᠦᠢᠯ ᠤᠨ ᠲᠣᠭᠤᠷᠢᠭ ᠤᠨ 2388 ᠲᠠᠷᠢᠶᠠᠴᠢᠨ ᠡᠷᠦᠬᠡ ᠶᠢᠨ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠬᠡᠯᠡᠯᠴᠡᠭᠡᠷ ᠲᠣᠭᠲᠠᠵᠤ᠂ 6.22 ᠲᠦᠮᠡᠨ ᠮᠥ | ᠭᠠᠵᠠᠷ ᠰᠢᠷᠣᠶ ᠶᠢ ᠨᠢᠭᠡᠨᠲᠡ ᠡᠷᠭᠢᠯᠲᠡ ᠳᠤ ᠣᠷᠣᠭᠤᠯᠪᠠ᠃ | ᠲᠥᠷᠥᠯ ᠵᠦᠢᠯ ᠤᠨ ᠦᠢᠯᠡᠴᠢᠯᠡᠬᠡᠨ ᠤ ᠬᠦᠴᠦᠨ ᠢ ᠴᠢᠩᠭᠠᠷᠠᠭᠤᠯᠪᠠ | ᠨᠠᠮᠴᠢ ᠴᠢᠨᠠᠷ ᠢᠶᠠᠷ ᠴᠢᠩᠭ᠎ᠠ᠂ ᠣᠯᠠᠨ ᠲᠦᠮᠡᠨ ᠤ ᠰᠠᠭᠤᠷᠢ ᠪᠠᠲᠤ᠂ ᠦᠨᠳᠦᠰᠦᠨ ᠱᠠᠲᠤᠨ ᠤ ᠲᠤᠷᠰᠢᠯᠭ᠎ᠠ ᠪᠠᠷ ᠰᠠᠶᠢᠨ 36 ᠨᠠᠮ ᠤᠨ ᠭᠡᠰᠢᠭᠦᠨ ᠺᠠᠳ᠋ᠷ ᠢ | ᠰᠣᠩᠭᠤᠨ ᠲᠣᠮᠢᠯᠠᠵᠤ ᠭᠤᠤᠯᠳᠠᠯᠭ᠎ᠠ ᠲᠠᠢ ᠲᠥᠷᠥᠯ ᠵᠦᠢᠯ ᠤᠨ ᠨᠢᠭᠡᠳᠦᠭᠡᠷ ᠹᠷᠣᠨᠲ ᠲᠤ ᠣᠴᠢᠭᠤᠯᠤᠨ ᠪᠥᠬᠦ ᠶᠠᠪᠤᠴᠠ ᠳᠤ ᠮᠥᠷᠳᠡᠨ ᠦᠢᠯᠡᠴᠢᠯᠡᠬᠦᠯᠵᠦ᠂ ᠭᠠᠵᠠᠷ | ᠰᠢᠷᠣᠶ ᠶᠢᠨ ᠨᠥᠬᠦᠪᠥᠷᠢ᠂ ᠲᠠᠷᠢᠶᠠᠨ ᠭᠠᠵᠠᠷ ᠤᠨ ᠬᠤᠪᠢᠶᠠᠷᠢᠯᠠᠯᠲᠠ ᠵᠡᠷᠭᠡ ᠡᠯ᠎ᠡ ᠲᠥᠷᠥᠯ ᠤᠨ ᠠᠰᠠᠭᠤᠳᠠᠯ ᠢ ᠨᠡᠶᠢᠲᠡ 200 ᠭᠠᠷᠤᠶ ᠰᠢᠢᠳᠪᠦᠷᠢᠯᠡᠪᠡ᠃ 6 ᠨᠡᠷᠡᠰ | ᠲᠤᠰᠢᠶᠠᠯ ᠠᠴᠠ ᠪᠠᠨ ᠰᠠᠯᠤᠭᠰᠠᠨ ᠲᠣᠰᠬᠤᠨ ᠤ ᠨᠠᠮ ᠤᠨ ᠡᠭᠦᠷ ᠤᠨ ᠱᠦᠵᠢ ᠠᠴᠠ ᠲᠥᠷᠥᠯ ᠵᠦᠢᠯ ᠤᠨ ᠲᠣᠭᠤᠷᠢᠭ ᠤᠨ ᠲᠠᠷᠢᠶᠠᠨ ᠭᠠᠵᠠᠷ ᠤᠨ ᠲᠡᠦᠬᠡᠨ | ᠦᠯᠡᠳᠡᠭᠳᠡᠯ ᠠᠰᠠᠭᠤᠳᠠᠯ ᠪᠠ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ᠂ 15 ᠨᠠᠮ ᠤᠨ ᠭᠡᠰᠢᠭᠦᠨ ᠺᠠᠳ᠋ᠷ ᠢᠶᠠᠷ ᠪᠦᠷᠢᠯᠳᠦᠭᠰᠡᠨ 3 ᠰᠠᠯᠠᠭ᠎ᠠ ᠵᠥᠷᠢᠴᠡᠯ ᠢ | ᠡᠶᠡᠳᠡᠭᠦᠯᠬᠦ ᠳᠤᠭᠤᠶᠢᠯᠠᠩ ᠢ ᠵᠣᠬᠢᠶᠠᠨ ᠪᠠᠶᠢᠭᠤᠯᠵᠤ ︽ᠰᠥᠨᠢ ᠶᠢᠨ ᠶᠠᠷᠢᠯᠴᠠᠭᠠᠨ ᠤ ᠠᠵᠢᠯᠯᠠᠭ᠎ᠠ︾ ᠥᠷᠨᠢᠭᠦᠯᠵᠦ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠤ ᠠᠰᠠᠭᠤᠳᠠᠯ ᠢ 318 ᠵᠢᠭᠰᠠᠭᠠᠨ ᠪᠠᠶᠢᠴᠠᠭᠠᠵᠤ ᠡᠶᠡᠳᠡᠭᠦᠯᠦᠪᠡ᠃ ᠪᠥᠬᠦ ᠪᠠᠯᠭᠠᠰᠤᠨ ᠤ 35 | ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠰᠤᠷᠪᠤᠯᠵᠢᠯᠠᠬᠤ᠂ ᠤᠲᠠᠰᠤ ᠪᠠᠷ ᠶᠠᠷᠢᠯᠴᠠᠬᠤ ᠵᠡᠷᠭᠡ ᠬᠡᠯᠪᠡᠷᠢ ᠪᠠᠷ ᠠᠵᠤ ᠠᠬᠤᠶᠢᠯᠠᠯ ᠢ ᠬᠠᠪᠰᠤᠷᠤᠨ ᠲᠣᠰᠣ | ᠬᠦᠷᠭᠡᠬᠦ᠂ ᠮᠠᠰᠢᠨ ᠲᠡᠷᠭᠡ ᠰᠡᠯᠪᠢᠨ ᠵᠠᠰᠠᠬᠤ᠂ ᠬᠤᠭᠤᠯᠠ ᠬᠦᠷᠭᠡᠬᠦ ᠵᠡᠷᠭᠡ ᠦᠢᠯᠡᠴᠢᠯᠡᠭᠡ ᠥᠷᠨᠢᠭᠦᠯᠵᠦ᠂ ᠠᠵᠤ ᠠᠬᠤᠶᠢᠯᠠᠯ ᠤᠨ ᠠᠷᠤ ᠲᠠᠯ᠎ᠠ ᠶᠢᠨ ᠦᠢᠯᠡᠴᠢᠯᠡᠬᠡᠨ ᠤ | ᠬᠦᠴᠢᠷ ᠠᠰᠠᠭᠤᠳᠠᠯ ᠢ ᠰᠢᠢᠳᠪᠦᠷᠢᠯᠡᠪᠡ᠃ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠬᠦᠯᠪᠡ | ᠰᠢ ᠰᠢᠶᠤᠤ ᠵᠤᠤ ᠪᠠᠯᠭᠠᠰᠤᠨ ᠤ ᠨᠠᠮ ᠤᠨ ᠬᠤᠷᠢᠶ᠎ᠠ ᠨᠢ ︽ᠨᠠᠮ ᠤᠨ ᠡᠭᠦᠷ ᠲᠦᠷᠦᠭᠦᠯᠡᠨ᠂ ᠬᠤᠷᠰᠢᠶ᠎ᠠ ᠠᠴᠠ ᠨᠢᠭᠡᠳᠦᠯᠲᠡᠶ ᠲᠥᠯᠥᠪᠵᠢᠭᠦᠯᠵᠦ᠂ ᠲᠠᠷᠢᠶᠠᠴᠢᠨ | ᠡᠷᠦᠬᠡ ᠣᠷᠣᠯᠴᠠᠭᠰᠠᠨ︾ ᠨᠠᠮ ᠤᠨ ᠡᠭᠦᠷ ᠤᠨ ᠬᠠᠮᠲᠤᠷᠠᠨ ᠪᠠᠶᠢᠭᠤᠯᠬᠤ ᠵᠠᠭᠪᠤᠷ ᠶᠣᠰᠣᠭᠠᠷ᠂ ︽ᠵᠠᠬᠢᠶᠠᠯᠠᠭ᠎ᠠ ᠶᠢᠨ ᠮᠠᠶ᠋ᠢᠭ︾᠂ ︽ᠠᠰᠠᠷᠠᠭᠴᠢ ᠮᠠᠶ᠋ᠢᠭ︾᠂ ︽ | ᠢᠵᠢ ᠦᠢᠯᠡᠴᠢᠯᠡᠭᠡ ᠶᠢᠨ ᠮᠠᠶ᠋ᠢᠭ︾ ᠤᠨ ᠬᠡᠯᠬᠢᠶ᠎ᠡ ᠠᠵᠢᠯᠯᠠᠭᠠᠨ ᠤ ᠦᠢᠯᠡᠴᠢᠯᠡᠭᠡ ᠪᠠᠷ ᠳᠠᠮᠵᠢᠭᠤᠯᠤᠨ᠂ ᠲᠠᠷᠠᠬᠠᠶ ᠪᠤᠲᠠᠷᠬᠠᠶ ᠲᠠᠷᠢᠶᠠᠴᠢᠨ ᠡᠷᠦᠬᠡ ᠶᠢ ᠡᠮᠬᠢᠯᠡᠨ | ᠨᠡᠶᠢᠯᠡᠭᠦᠯᠵᠦ᠂ ᠥᠨᠳᠥᠷ ᠪᠦᠲᠦᠮᠵᠢᠲᠡᠶ ᠲᠠᠷᠢᠶᠠᠯᠠᠩ ᠢ ᠶᠡᠭᠡ ᠪᠠᠷ ᠬᠥᠭᠵᠢᠭᠦᠯᠦᠨ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠤ ᠬᠦᠴᠦᠨ | ᠨᠡᠮᠡᠷᠢᠯᠡᠵᠦ᠂ ᠣᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠪᠡ᠃ ᠲᠥᠷᠥᠯ ᠵᠦᠢᠯ ᠤᠨ ᠣᠷᠣᠨ ᠤ ᠳᠣᠲᠣᠷᠠᠬᠢ ᠭᠠᠵᠠᠷ ᠰᠢᠷᠣᠶ ᠶᠢ | ᠡᠷᠭᠢᠯᠳᠦᠭᠦᠯᠬᠦ ᠵᠠᠷᠤᠳᠠᠯ ᠨᠢ ᠡᠮᠦᠨᠡᠬᠢ ᠮᠦ ᠪᠦᠷᠢ ᠶᠢᠨ ᠬᠢ ᠠᠴᠠ ᠳᠤᠮᠳᠠᠴᠢ ᠪᠠᠷ 350 ᠲᠥᠭᠦᠷᠢᠭ ᠠᠴᠠ ᠳᠡᠭᠡᠭᠰᠢ ᠨᠡᠮᠡᠭᠳᠡᠪᠡ᠃ ᠡᠭᠦᠨ ᠤ ᠬᠠᠮᠲᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ ᠪᠥᠬᠦ ᠪᠠᠯᠭᠠᠰᠤᠨ ᠤ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠪᠥᠲᠥᠭᠡᠨ | ᠪᠠᠶᠢᠭᠤᠯᠤᠯᠲᠠ ᠶᠢ ᠳᠠᠶᠢᠴᠢᠯᠠᠵᠤ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠠᠲᠤᠨ ᠭᠤᠤᠯ ᠢ ᠲᠠᠲᠠᠵᠤ ᠳᠤᠰᠤᠯᠭᠠᠨ | ᠤᠰᠤᠯᠠᠬᠤ ᠵᠢᠱᠢᠶ᠎ᠡ ᠦᠵᠡᠭᠦᠯᠬᠦ ᠣᠷᠣᠨ ᠪᠠ ᠲᠦᠮᠡᠨ ᠮᠥ ᠰᠢᠬᠢᠷ ᠯᠤᠤᠪᠠᠩ ᠳᠠᠷᠢᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠷᠢᠯᠴᠠᠨ ᠨᠥᠬᠦᠪᠥᠷᠢᠯᠡᠵᠦ | ᠬᠠᠷᠢᠯᠴᠠᠨ ᠠᠬᠢᠭᠤᠯᠬᠤ᠂ ᠬᠠᠮᠲᠤ ᠪᠠᠷ ᠣᠷᠳᠣ ᠬᠤᠭᠤᠴᠠᠭ᠎ᠠ ᠪᠠᠷ ᠳᠠᠪᠰᠢᠬᠤ ᠶᠢ ᠪᠡᠶᠡᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠢ | ᠪᠠᠲᠤᠯᠠᠪᠠ᠃ |