ᠪᠦᠭᠦ ᠤᠯᠤᠰ ᠤᠨ ᠥᠷᠭᠡᠨ ᠣᠯᠠᠨ ᠪᠠᠭᠠᠴᠤᠳ ᠬᠡᠦᠬᠡᠳ ᠲᠤ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ | ᠼᠠᠢ ᠴᠢ ᠳ᠋ᠢᠩ ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 31 ᠤ ᠦᠳᠡ ᠶᠢᠨ ᠡᠮᠦᠨ᠎ᠡ ᠪᠡᠭᠡᠵᠢᠩ ᠤᠨ | ᠢᠦᠢ ᠶᠢᠩ ᠰᠤᠷᠭᠠᠭᠤᠯᠢ ᠳᠤ ᠬᠦᠷᠴᠦ᠂ ᠪᠠᠭᠰᠢ ᠰᠤᠷᠤᠬᠴᠢᠳ ᠢ ᠡᠬᠢᠨ ᠦᠵᠡᠵᠦ ᠲᠣᠬᠤᠨᠢᠭᠤᠯᠤᠨ᠂ ᠪᠦᠭᠦ ᠤᠯᠤᠰ ᠤᠨ ᠥᠷᠭᠡᠨ ᠤᠯᠠᠨ ᠪᠠᠭᠠᠴᠤᠳ | ᠬᠡᠦᠬᠡᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠰᠢ ᠶᠢᠨ ᠫᠢᠩ᠂ ᠪᠠᠭᠠᠴᠤᠳ ᠬᠡᠦᠬᠡᠳ ᠪᠣᠯ ᠡᠬᠡ ᠤᠯᠤᠰ ᠤᠨ ᠢᠷᠡᠭᠡᠳᠦᠢ᠂ ᠳᠤᠮᠳᠠᠳᠤ ᠶᠢᠨ | ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠡᠦᠬᠡᠳ ᠤᠳ ᠬᠠᠷᠠᠯᠲᠠ ᠵᠣᠷᠢᠯᠲᠠ ᠲᠠᠢ᠂ ᠬᠦᠰᠡᠯ ᠵᠡᠭᠦᠳᠦ ᠲᠠᠢ᠂ | ᠰᠤᠷᠤᠯᠴᠠᠬᠤ ᠳᠤᠷᠠᠲᠠᠢ᠂ ᠭᠦᠳᠡᠯᠮᠦᠷᠢ ᠳᠤ ᠳᠤᠷᠠᠲᠠᠢ᠂ ᠠᠴᠢ ᠡᠨᠡᠷᠢᠯ ᠳᠤ ᠲᠠᠯᠠᠷᠬᠠᠬᠤ ᠶᠢ ᠮᠡᠳᠡᠬᠦ᠂ ᠨᠥᠭᠦᠷᠰᠡᠭ ᠪᠠᠶᠢᠬᠤ ᠶᠢ ᠮᠡᠳᠡᠬᠦ᠂ ᠵᠣᠷᠢᠭᠲᠠᠢ ᠪᠠᠷ ᠰᠢᠨ᠎ᠡ ᠶᠢ | ᠡᠭᠦᠳᠬᠦ᠂ ᠵᠣᠷᠢᠭᠲᠠᠢ ᠪᠠᠷ ᠲᠡᠮᠡᠴᠡᠬᠦ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ | ᠰᠠᠶᠢᠨ ᠬᠡᠦᠬᠡᠳ ᠪᠤᠯᠬᠤ ᠬᠡᠷᠡᠭᠲᠡᠢ᠃ ᠰᠤᠷᠤᠬᠴᠢ ᠨᠥᠬᠦᠳ ᠤᠨ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠲᠥᠯᠥᠭᠡ ᠪᠢᠴᠢᠭ ᠦᠵᠡᠬᠦ ᠪᠠᠷ ᠵᠣᠷᠢᠭ ᠰᠢᠭᠤᠳᠴᠤ᠂ ᠭᠡᠷ ᠤᠨ ᠠᠬᠠᠮᠠᠳ ᠤᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠂ ᠨᠠᠮ ᠪᠣᠯᠣᠨ | ᠠᠷᠠᠳ ᠲᠦᠮᠡᠨ ᠤ ᠬᠦᠰᠡᠯ ᠪᠠᠷᠠᠯᠠᠯ ᠢ ᠬᠥᠰᠡᠷᠳᠡᠭᠦᠯᠬᠦ ᠦᠭᠡᠢ ᠪᠠᠶᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠪᠡᠭᠡᠵᠢᠩ ᠤᠨ ᠢᠦᠢ ᠶᠢᠩ ᠰᠤᠷᠭᠠᠭᠤᠯᠢ 1948 ᠣᠨ ᠳᠤ ᠾᠧᠪᠧᠢ ᠶᠢᠨ ᠰᠢ ᠪᠠᠢ ᠫᠥᠸᠧ ᠳᠤ ᠪᠠᠶᠢᠭᠤᠯᠤᠭᠳᠠᠪᠠ᠃ ᠤᠤᠯ ᠨᠢ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠩᠭᠠᠯᠭ᠎ᠠ ᠶᠢᠨ ᠬᠡᠯᠲᠡᠰ ᠤᠨ ᠢᠦᠢ ᠶᠢᠩ ᠪᠠᠭ᠎ᠠ ᠰᠤᠷᠭᠠᠭᠤᠯᠢ︾ ᠭᠡᠵᠦ | ᠨᠡᠷᠡᠶᠢᠳᠴᠦ ᠪᠠᠶᠢᠵᠠᠢ᠃ 75 ᠵᠢᠯ ᠤᠨ ᠲᠤᠷᠰᠢ ᠰᠤᠷᠭᠠᠭᠤᠯᠢ ᠨᠢ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠠᠶᠢᠷ᠎ᠠ ᠬᠠᠯᠠᠮᠵᠢᠯᠠᠯ ᠳᠣᠣᠷ᠎ᠠ ᠨᠠᠮ ᠤᠨ | ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ᠂ ᠰᠤᠷᠤᠯᠭ᠎ᠠ ᠶᠢᠨ ᠳᠦᠷᠢᠮ ᠤᠨ ᠰᠢᠨ᠎ᠡ ᠶᠢ ᠡᠭᠦᠳᠬᠦ ᠶᠢ ᠬᠡᠷᠡᠭᠵᠢᠭᠦᠯᠵᠦ᠂ ᠣᠨᠴᠠᠯᠢᠭ ᠲᠠᠢ ᠪᠠᠷ ᠰᠤᠷᠭᠠᠭᠤᠯᠢ ᠡᠷᠭᠢᠯᠡᠭᠦ ᠶᠢ ᠥᠷᠨᠢᠭᠦᠯᠵᠦ᠂ | ᠰᠤᠷᠤᠬᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠬᠦ ᠶᠢ ᠬᠥᠲᠥᠯᠥᠨ | ᠳᠠᠭᠠᠭᠤᠯᠪᠠ᠃ | ᠰᠢ ᠶᠢᠨ ᠫᠢᠩ ᠡᠩ ᠲᠡᠷᠢᠭᠦᠨ ᠳᠤ ᠰᠤᠷᠭᠠᠭᠤᠯᠢ ᠶᠢᠨ ᠲᠡᠦᠬᠡ ᠶᠢᠨ ᠣᠷᠳᠣᠨ ᠳᠤ ᠬᠦᠷᠴᠦ᠂ ᠰᠤᠷᠭᠠᠭᠤᠯᠢ ᠶᠢᠨ ᠲᠡᠦᠬᠡ ᠶᠢᠨ ᠤᠯᠠᠷᠢᠯ ᠬᠤᠪᠢᠰᠤᠯ᠂ | ᠪᠦᠲᠦᠭᠡᠨ ᠪᠠᠶᠢᠭᠤᠯᠤᠯᠲᠠ ᠬᠥᠭᠵᠢᠯᠲᠡ ᠪᠠ ᠣᠶᠢᠷ᠎ᠠ ᠶᠢᠨ ᠵᠢᠯ ᠤᠨ ᠲᠤᠷᠰᠢᠬᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠠᠯ᠎ᠠ ᠪᠠᠷ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠠᠬᠢᠭᠤᠯᠤᠭᠰᠠᠨ᠂ ︽ᠬᠤᠶᠠᠷ ᠢ ᠬᠥᠩᠭᠡᠷᠡᠭᠦᠯᠬᠦ︾ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ᠂ | ᠰᠤᠷᠤᠬᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠭᠰᠠᠨ | ᠵᠡᠷᠭᠡ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠰᠤᠷᠭᠠᠨ ᠬᠥᠮᠦᠵᠢᠯ ᠤᠨ ᠦᠨᠳᠦᠰᠦᠨ ᠡᠭᠦᠷᠭᠡ ᠪᠣᠯ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠵᠦ᠂ | ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠶᠠᠪᠤᠳᠠᠯ ᠪᠣᠯᠣᠨ᠎ᠠ᠃ ᠰᠤᠷᠤᠬᠴᠢᠳ ᠤᠨ ᠬᠦᠰᠡᠯᠡᠩ ᠢᠲᠡᠭᠡᠯ ᠪᠢᠰᠢᠷᠡᠯ᠂ ᠶᠣᠰᠣ ᠰᠤᠷᠲᠠᠬᠤᠨ ᠵᠠᠩ | ᠴᠢᠨᠠᠷ᠂ ᠮᠡᠳᠡᠯᠭᠡ ᠤᠶᠤᠨ ᠴᠢᠳᠠᠪᠤᠷᠢ᠂ ᠪᠡᠶ᠎ᠡ ᠮᠠᠬᠠᠪᠤᠳ ᠪᠠ ᠰᠡᠳᠬᠢᠴᠡ ᠶᠢᠨ ᠬᠡᠪ ᠴᠢᠨᠠᠷ ᠵᠡᠷᠭᠡ ᠡᠯ᠎ᠡ ᠲᠠᠯ᠎ᠠ ᠶᠢᠨ ᠬᠥᠮᠦᠵᠢᠯ ᠤᠨ ᠠᠯᠢ ᠨᠢ ᠴᠤ ᠲᠤᠲᠠᠭᠳᠠᠵᠤ | ᠪᠤᠯᠬᠤ ᠦᠭᠡᠢ ᠶᠤᠮ᠃ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠵᠣᠬᠢᠬᠤ ᠶᠠᠪᠤᠴᠠ ᠶᠢ ᠬᠡᠷᠡᠭᠰᠡᠨ᠎ᠡ᠂ ᠡᠷᠬᠡᠪᠰᠢ | ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠃ ᠭᠡᠷ ᠤᠨ ᠠᠬᠠᠮᠠᠳ᠂ ᠰᠤᠷᠭᠠᠭᠤᠯᠢ᠂ ᠨᠡᠶᠢᠭᠡᠮ ᠵᠡᠷᠭᠡ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ | ᠲᠠᠨᠢᠯᠲᠠ ᠪᠠᠨ ᠳᠡᠭᠡᠭᠰᠢᠯᠡᠭᠦᠯᠵᠤ᠂ ︽ᠬᠤᠶᠠᠷ ᠢ ᠬᠥᠩᠭᠡᠷᠡᠭᠦᠯᠬᠦ︾ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠰᠤᠷᠤᠬᠴᠢᠳ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠢᠦᠢ ᠶᠢᠩ ᠰᠤᠷᠭᠠᠭᠤᠯᠢ ᠨᠢ ᠢᠷᠠᠭᠤ ᠠᠯᠳᠠᠷᠲᠤ ᠬᠤᠪᠢᠰᠬᠠᠯᠲᠤ ᠤᠯᠠᠮᠵᠢᠯᠠᠯ ᠪᠠ | ᠢᠯᠡ ᠲᠣᠳᠣ ᠬᠤᠪᠢᠰᠬᠠᠯ ᠤᠨ ᠤᠳᠤᠮᠰᠢᠯ ᠲᠠᠢ ᠶᠤᠮ᠃ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠢ ᠴᠢᠩᠭᠠᠳᠬᠠᠵᠤ᠂ ᠢᠦᠢ ᠶᠢᠩ ᠰᠤᠷᠭᠠᠭᠤᠯᠢ ᠶᠢᠨ | ᠰᠤᠷᠤᠬᠴᠢ ᠨᠢᠭᠡ ᠪᠦᠷᠢ ᠳᠤ ᠰᠤᠷᠭᠠᠭᠤᠯᠢ ᠶᠢᠨ ᠢᠷᠠᠭᠤ ᠠᠯᠳᠠᠷᠲᠤ ᠲᠡᠦᠬᠡ ᠶᠢ ᠪᠠᠲᠤ ᠴᠡᠭᠡᠵᠢᠯᠡᠭᠦᠯᠵᠦ᠂ ᠨᠠᠮ ᠤᠨ ᠬᠠᠶᠢᠷ᠎ᠠ ᠬᠠᠯᠠᠮᠵᠢ ᠶᠢ ᠪᠠᠲᠤ ᠴᠡᠭᠡᠵᠢᠯᠡᠭᠦᠯᠵᠦ᠂ | ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠵᠤ᠂ ᠨᠠᠮ ᠤᠨ ᠲᠥᠯᠥᠭᠡ ᠴᠢᠳᠠᠪᠤᠷᠢᠲᠠᠨ ᠪᠤᠯᠬᠤ᠂ ᠤᠯᠤᠰ ᠤᠨ ᠲᠥᠯᠥᠭᠡ ᠬᠤᠪᠢ ᠨᠡᠮᠡᠷᠢ ᠦᠵᠡᠭᠦᠯᠭᠦ ᠪᠠᠷ ᠵᠣᠷᠢᠭ ᠰᠢᠭᠤᠳᠬᠤ | ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | 5 ᠰᠠᠷ᠎ᠠ ᠶᠢᠨ 31 ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠢᠦᠢ ᠶᠢᠩ ᠰᠤᠷᠭᠠᠭᠤᠯᠢ ᠳᠤ ᠬᠦᠷᠴᠦ᠂ ᠪᠠᠭᠰᠢ ᠰᠤᠷᠤᠬᠴᠢᠳ ᠢ ᠡᠷᠭᠢᠨ ᠦᠵᠡᠵᠦ | ᠲᠣᠬᠤᠨᠢᠭᠤᠯᠤᠨ᠂ ᠪᠦᠭᠦ ᠤᠯᠤᠰ ᠤᠨ ᠥᠷᠭᠡᠨ ᠤᠯᠠᠨ ᠪᠠᠭᠠᠴᠤᠳ ᠬᠡᠦᠬᠡᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠵᠢᠷᠤᠭ ᠪᠣᠯ ᠰᠢ ᠶᠢᠨ ᠫᠢᠩ | ᠰᠤᠷᠤᠬᠴᠢᠳ ᠤᠨ ᠲᠠᠷᠢᠶᠠᠯᠠᠩ ᠤᠨ ᠲᠠᠯᠠᠪᠠᠢ ᠳᠤ ᠶᠠᠭ ᠲᠠᠷᠢᠶᠠᠯᠠᠩ ᠤᠨ ᠲᠠᠷᠢᠮᠠᠯ ᠤᠨ ᠦᠢᠯᠡᠳᠦᠯᠭᠡ ᠳᠤ ᠤᠷᠤᠯᠴᠠᠵᠦ ᠪᠠᠶᠢᠭ᠎ᠠ ᠪᠠᠭ᠎ᠠ ᠰᠤᠷᠭᠠᠭᠤᠯᠢ ᠶᠢᠨ | ᠰᠤᠷᠤᠬᠴᠢᠳ ᠲᠠᠢ ᠳᠣᠲᠣᠨᠣ ᠪᠠᠷ ᠰᠠᠨᠠᠯ ᠢᠶᠠᠨ ᠰᠣᠯᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | ᠰᠢ ᠶᠢᠨ ᠫᠢᠩ ᠶᠠᠪᠠᠭᠠᠨ ᠢᠶᠠᠷ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠴᠠᠭᠠᠨ ᠦᠵᠡᠪᠡ᠃ ᠰᠠᠭᠰᠤᠨ ᠪᠥᠮᠪᠦᠭᠡ ᠶᠢᠨ ᠲᠠᠯᠠᠪᠤᠷ ᠲᠤ | ᠰᠤᠷᠤᠬᠴᠢᠳ ᠶᠠᠭ ᠰᠠᠭᠰᠤᠨ ᠪᠥᠮᠪᠦᠭᠡ ᠨᠠᠭᠠᠳᠴᠤ᠂ ᠳᠡᠭᠡᠰᠦ ᠦᠰᠦᠷᠴᠦ᠂ ᠲᠠᠮᠢᠷ ᠤᠨ ᠬᠢᠴᠢᠶᠡᠯ ᠣᠷᠣᠵᠤ ᠪᠠᠶᠢᠯ᠎ᠠ᠃ ᠰᠢ ᠶᠢᠨ ᠫᠢᠩ᠂ ᠬᠥᠮᠥᠨ ᠤ ᠡᠷᠡᠭᠦᠯ | ᠮᠡᠨᠳᠦ ᠶᠢᠨ ᠬᠡᠪ ᠴᠢᠨᠠᠷ ᠢ ᠳᠡᠭᠡᠭᠰᠢᠯᠡᠭᠦᠯᠭᠦ ᠳᠤ ᠵᠠᠯᠠᠭᠤᠴᠤᠳ ᠪᠠᠭᠠᠴᠤᠳ ᠤᠨ ᠱᠠᠲᠤ ᠦᠶ᠎ᠡ ᠪᠣᠯ ᠰᠢᠵᠢᠷ ᠠᠯᠳᠠᠨ ᠴᠠᠭ ᠦᠶ᠎ᠡ ᠪᠣᠯᠣᠨ᠎ᠠ᠃ ᠡᠨᠡ ᠬᠦ ᠱᠠᠲᠤᠨ ᠳᠤ | ᠪᠡᠶ᠎ᠡ ᠮᠠᠬᠠᠪᠤᠳ ᠥᠰᠦᠨ ᠪᠤᠶᠢᠵᠢᠬᠤ ᠪᠣᠯ ᠲᠡᠷᠢᠭᠦᠨ ᠴᠢᠬᠤᠯᠠ ᠶᠠᠪᠤᠳᠠᠯ ᠮᠥᠨ᠂ ᠪᠡᠶ᠎ᠡ ᠮᠠᠬᠠᠪᠤᠳ ᠡᠷᠡᠭᠦᠯ ᠴᠢᠭᠢᠷᠠᠭ ᠪᠠᠶᠢᠪᠠᠯ ᠰᠠᠶ᠋ᠢ ᠬᠤᠶᠢᠰᠢᠳᠠ ᠶᠢᠨ ᠨᠢᠭᠡ | ᠨᠠᠰᠤᠨ ᠤ ᠰᠤᠷᠤᠯᠴᠠᠯᠭ᠎ᠠ ᠪᠠ ᠠᠵᠢᠯ ᠤᠨ ᠰᠠᠭᠤᠷᠢ ᠶᠢ ᠰᠠᠶᠢᠲᠤᠷ ᠲᠠᠯᠪᠢᠵᠤ ᠴᠢᠳᠠᠨ᠎ᠠ᠃ ᠪᠡᠶ᠎ᠡ ᠶᠢᠨ ᠲᠠᠮᠢᠷ ᠤᠨ ᠪᠣᠯᠪᠠᠰᠤᠷᠠᠯ ᠪᠣᠯ ᠪᠠᠭᠠᠴᠤᠳ ᠬᠡᠦᠬᠡᠳ ᠤᠨ ᠪᠡᠶ᠎ᠡ | ᠮᠠᠬᠠᠪᠤᠳ ᠢ ᠴᠢᠭᠢᠷᠠᠭᠵᠢᠭᠤᠯᠬᠤ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠃ ᠤᠳᠤ ᠠᠮᠢᠳᠤᠷᠠᠯ ᠤᠨ ᠨᠥᠬᠦᠴᠡᠯ ᠰᠠᠶᠢᠵᠢᠷᠠᠵᠠᠢ᠂ ᠬᠡᠦᠬᠡᠳ ᠤᠳ | ᠮᠠᠷᠢᠶᠠᠯᠠᠲᠠᠯᠠ ᠢᠳᠡᠬᠦ ᠪᠢᠰᠢ᠂ ᠬᠠᠷᠢᠨ ᠡᠷᠡᠭᠦᠯ ᠴᠢᠭᠢᠷᠠᠭ ᠦᠰᠦᠨ ᠪᠤᠶᠢᠵᠢᠵᠤ᠂ ᠪᠣᠯᠪᠠᠰᠤᠷᠠᠯ ᠢᠶᠠᠷ ᠲᠠᠮᠵᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠡᠷᠡᠭᠲᠡᠢ᠃ | ᠪᠡᠶ᠎ᠡ ᠶᠢᠨ ᠲᠠᠮᠢᠷ ᠤᠨ ᠪᠣᠯᠪᠠᠰᠤᠷᠠᠯ ᠢ ᠪᠠᠭ᠎ᠠ ᠠᠴᠠ ᠨᠢ ᠠᠳᠬᠤᠬᠤ ᠬᠡᠷᠡᠭᠲᠡᠢ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠯᠡᠭᠦᠬᠡᠨ ᠣᠷᠣᠯᠴᠠᠪᠠᠯ ︽ᠮᠠᠷᠢᠶ᠎ᠠ ᠲᠠᠢ | ᠬᠡᠦᠬᠡᠳ︾᠂ ︽ᠨᠢᠳᠦᠨ ᠰᠢᠯ ᠲᠠᠢ ᠬᠡᠦᠬᠡᠳ︾ ᠴᠥᠭᠡᠨ ᠪᠣᠯᠴᠢᠬᠠᠳᠠᠭ᠃ ᠰᠤᠷᠭᠠᠭᠤᠯᠢ ᠠᠴᠠ ᠪᠡᠶ᠎ᠡ ᠶᠢᠨ ᠲᠠᠮᠢᠷ ᠤᠨ ᠪᠠᠭᠰᠢ ᠶᠢ ᠭᠦᠢᠴᠡᠳ ᠰᠠᠶᠢᠲᠤᠷ | ᠲᠣᠬᠢᠷᠠᠭᠤᠯᠵᠤ᠂ ᠭᠡᠷ ᠪᠦᠯᠢ᠂ ᠰᠤᠷᠭᠠᠭᠤᠯᠢ᠂ ᠨᠡᠶᠢᠭᠡᠮ ᠵᠡᠷᠭᠡ ᠡᠯ᠎ᠡ ᠲᠠᠯ᠎ᠠ ᠶᠢᠨ ᠬᠢᠨ ᠴᠥᠮ ᠪᠠᠭᠠᠴᠤᠳ ᠬᠡᠦᠬᠡᠳ ᠤᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | | ᠰᠢ ᠶᠢᠨ ᠫᠢᠩ ᠪᠡᠭᠡᠵᠢᠩ ᠤᠨ ᠢᠦᠢ ᠶᠢᠩ ᠰᠤᠷᠭᠠᠭᠤᠯᠢ ᠳᠤ ᠰᠢᠨᠵᠢᠯᠡᠨ ᠪᠠᠶᠢᠴᠠᠭᠠᠵᠤ᠂ ᠪᠦᠭᠦ ᠤᠯᠤᠰ ᠤᠨ ᠥᠷᠭᠡᠨ ᠣᠯᠠᠨ ᠪᠠᠭᠠᠴᠤᠳ ᠬᠡᠦᠬᠡᠳ ᠲᠤ ︽ | 6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ 5 ᠰᠠᠷ᠎ᠠ ᠶᠢᠨ 31 ᠤ ᠦᠳᠡ ᠶᠢᠨ ᠡᠮᠦᠨ᠎ᠡ᠂ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠢᠦᠢ ᠶᠢᠩ ᠰᠤᠷᠭᠠᠭᠤᠯᠢ ᠳᠤ ᠬᠦᠷᠴᠦ᠂ ᠪᠠᠭᠰᠢ ᠰᠤᠷᠤᠬᠴᠢᠳ ᠢ ᠡᠷᠭᠢᠨ ᠦᠵᠡᠵᠦ ᠲᠣᠬᠤᠨᠢᠭᠤᠯᠤᠨ᠂ ᠪᠦᠭᠦ ᠤᠯᠤᠰ ᠤᠨ ᠥᠷᠭᠡᠨ ᠤᠯᠠᠨ ᠪᠠᠭᠠᠴᠤᠳ | ᠬᠡᠦᠬᠡᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠵᠢᠷᠤᠭ ᠪᠣᠯ ᠰᠢ ᠶᠢᠨ ᠫᠢᠩ ᠰᠢᠨᠵᠢᠯᠡᠬᠦ ᠤᠬᠠᠭᠠᠨ ᠤ ᠬᠢᠴᠢᠶᠡᠯ ᠤᠨ ᠭᠡᠷ ᠲᠤ ᠪᠠᠭ᠎ᠠ | ᠰᠤᠷᠭᠠᠭᠤᠯᠢ ᠶᠢᠨ ᠰᠤᠷᠤᠬᠴᠢᠳ ᠲᠠᠢ ᠳᠣᠲᠣᠨᠣ ᠪᠠᠷ ᠰᠠᠨᠠᠯ ᠢᠶᠠᠨ ᠰᠣᠯᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | | ᠳᠠᠷᠠᠭ᠎ᠠ ᠨᠢ ᠰᠢ ᠶᠢᠨ ᠫᠢᠩ ᠰᠤᠷᠤᠬᠴᠢᠳ ᠤᠨ ᠲᠠᠷᠢᠶᠠᠯᠠᠩ ᠤᠨ ᠲᠠᠯᠠᠪᠠᠢ ᠳᠤ ᠬᠦᠷᠴᠦ ᠢᠷᠡᠪᠡ᠃ ᠠᠳᠡ ᠪᠣᠯ ᠰᠤᠷᠤᠬᠴᠢᠳ ᠤᠨ ᠲᠠᠷᠢᠶᠠᠯᠠᠩ ᠤᠨ | ᠲᠠᠷᠢᠮᠠᠯ ᠤᠨ ᠠᠵᠢᠯᠯᠠᠭ᠎ᠠ ᠥᠷᠨᠢᠭᠦᠯᠬᠦ ᠦᠢᠯᠡᠳᠦᠯᠭᠡ ᠶᠢᠨ ᠲᠠᠯᠠᠪᠤᠷ ᠪᠣᠯᠣᠨ᠎ᠠ᠂ ᠨᠡᠷᠡᠨ ᠤ ᠭᠡᠷᠡᠯ ᠳᠣᠣᠷᠠᠬᠢ ᠲᠠᠷᠢᠶᠠᠨ ᠳᠠᠯᠠᠩ ᠢᠶᠠᠷ ᠵᠢᠭᠳᠡᠷᠡᠨ ᠤᠷᠭᠤᠭᠰᠠᠨ | ᠨᠣᠭᠤᠭ᠎ᠠ ᠶᠢᠨ ᠴᠢᠬᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠬᠡᠦᠬᠡᠳ ᠤᠳ ᠤᠰᠤᠨ ᠰᠠᠭᠤᠯᠠᠭ᠎ᠠ᠂ ᠬᠤᠰᠤᠭᠤᠷ᠂ ᠮᠠᠯᠲᠠᠭᠤᠷ᠂ ᠦᠰᠦᠨ ᠪᠢᠷ ᠢᠶᠠᠨ ᠠᠪᠴᠤ᠂ | ᠲᠥᠪᠡᠳ ᠬᠠᠰᠢ᠂ ᠥᠷᠭᠡᠰᠦᠲᠦ ᠬᠡᠮᠬᠡ ᠵᠡᠷᠭᠡ ᠶᠢ ᠤᠰᠤᠯᠠᠵᠤ᠂ ᠬᠥᠷᠥᠰᠥ ᠶᠢ ᠰᠤᠯᠠᠷᠠᠭᠤᠯᠵᠤ᠂ ᠡᠪᠡᠰᠦ ᠶᠢ ᠨᠢ ᠠᠷᠴᠢᠵᠤ᠂ ᠲᠣᠭᠤᠰᠣ ᠬᠦᠷᠲᠡᠭᠡᠨ᠎ᠡ᠃ ᠰᠢ ᠶᠢᠨ | ᠫᠢᠩ᠂ ᠮᠠᠰᠢ ᠤᠯᠠᠨ ᠮᠡᠳᠡᠯᠭᠡ ᠪᠠ ᠶᠣᠰᠣ ᠤᠴᠢᠷ ᠨᠢ ᠪᠦᠷ ᠭᠦᠳᠡᠯᠮᠦᠷᠢ ᠠᠴᠠ ᠢᠷᠡᠳᠡᠭ ᠶᠤᠮ᠂ ᠠᠮᠢᠳᠤᠷᠠᠯ ᠠᠴᠠ ᠢᠷᠡᠳᠡᠭ ᠶᠤᠮ᠃ ᠬᠡᠦᠬᠡᠳ ᠢ ᠬᠥᠲᠥᠯᠥᠨ | ᠳᠠᠭᠠᠭᠤᠯᠵᠤ ᠬᠠᠷᠠᠬᠠᠨ ᠪᠠᠭ᠎ᠠ ᠠᠴᠠ ᠨᠢ ᠭᠦᠳᠡᠯᠮᠦᠷᠢ ᠶᠢᠨ ᠦᠵᠡᠯᠲᠡ ᠲᠠᠢ ᠪᠤᠯᠭᠠᠵᠤ᠂ ᠭᠦᠳᠡᠯᠮᠦᠷᠢ ᠶᠢᠨ ᠳᠠᠳᠬᠠᠯ ᠢ ᠨᠢ ᠬᠥᠮᠥᠵᠢᠭᠦᠯᠦᠨ᠂ ᠬᠥᠳᠡᠯᠮᠦᠷᠢᠯᠡᠬᠦ | ᠴᠢᠳᠠᠪᠤᠷᠢ ᠶᠢ ᠨᠢ ᠳᠡᠭᠡᠭᠰᠢᠯᠡᠭᠦᠯᠭᠦ ᠨᠢ ᠲᠡᠳᠡᠨ ᠤ ᠮᠡᠳᠡᠯᠭᠡ ᠶᠢ ᠨᠡᠩ ᠰᠠᠶᠢᠲᠤᠷ ᠰᠤᠷᠤᠯᠴᠠᠬᠤ ᠳᠤ ᠠᠰᠢᠭᠲᠠᠢ ᠶᠤᠮ᠃ ᠣᠳᠣᠬᠠᠨ ᠳᠤ ᠵᠠᠷᠢᠮ ᠬᠤᠲᠠ ᠶᠢᠨ | ᠬᠡᠦᠬᠡᠳ ᠤᠨ ᠬᠥᠳᠡᠭᠡ ᠲᠣᠰᠬᠤᠨ ᠳᠤ ᠬᠦᠷᠴᠦ᠂ ᠡᠬᠡ ᠪᠠᠶᠢᠭᠠᠯᠢ ᠲᠠᠢ ᠣᠶᠢᠷᠠᠳᠬᠤ ᠨᠢ ᠴᠥᠭᠡᠨ ᠪᠠᠶᠢᠨ᠎ᠠ᠂ ︽ᠬᠥᠯ ᠭᠠᠷ ᠬᠥᠳᠡᠯᠬᠦ ᠨᠢ ᠴᠥᠭᠡᠨ︾ ᠪᠠᠶᠢᠬᠤ ᠪᠠᠷ | ᠪᠠᠷᠠᠬᠤ ᠦᠭᠡᠢ ᠪᠠᠰᠠ ︽ᠲᠠᠪᠤᠨ ᠲᠠᠷᠢᠶ᠎ᠠ ᠶᠢ ᠴᠤ ᠲᠠᠨᠢᠬᠤ ᠦᠭᠡᠢ︾ ᠪᠠᠶᠢᠵᠤ᠂ ᠢᠳᠡᠵᠦ ᠪᠠᠶᠢᠭ᠎ᠠ ᠵᠦᠢᠯ ᠨᠢ ᠶᠠᠭᠤ ᠪᠤᠯᠬᠤ᠂ ᠬᠠᠮᠢᠭ᠎ᠠ ᠠᠴᠠ ᠢᠷᠡᠭᠰᠡᠨ᠂ | ᠶᠠᠭᠠᠬᠢᠵᠤ ᠢᠷᠡᠭᠰᠡᠨ ᠢ ᠴᠦ ᠮᠡᠳᠡᠬᠦ ᠦᠭᠡᠢ᠂ ᠨᠠᠩ ᠴᠤ ︽ᠬᠠᠯᠪᠠᠭ᠎ᠠ ᠳᠣᠲᠣᠷᠠᠬᠢ ᠨᠢᠭᠡᠨ ᠮᠥᠬᠦᠯᠢᠭ ᠠᠮᠤ ᠶᠢᠨ ᠬᠠᠯᠠᠰᠢᠷᠠᠯ ᠵᠤᠪᠠᠯᠠᠩ ᠢ ᠬᠡᠨ ᠮᠡᠳᠡᠬᠦ ᠠᠵᠢ︾ | ᠭᠡᠳᠡᠭ ᠢ ᠪᠠᠶᠠᠳᠠᠨ ᠣᠶᠢᠯᠠᠭᠠᠬᠤ ᠳᠤ ᠨᠡᠩ ᠴᠤ ᠪᠡᠷᠬᠡ ᠶᠤᠮ ᠭᠡᠵᠦ ᠴᠢᠬᠤᠯᠠᠴᠢᠯᠠᠪᠠ᠃ ᠲᠡᠷᠡ ᠰᠤᠷᠤᠬᠴᠢ ᠨᠥᠬᠦᠳ ᠲᠤ᠂ ᠡᠬᠡ ᠪᠠᠶᠢᠭᠠᠯᠢ ᠶᠢ ᠲᠠᠨᠢᠬᠤ ᠳᠤ | ᠶᠠᠭᠤᠨ ᠤ ᠡᠮᠦᠨ᠎ᠡ ᠳᠡᠷᠭᠡᠳᠡᠬᠢ ᠤᠷᠭᠤᠮᠠᠯ ᠢ ᠲᠠᠨᠢᠬᠤ ᠠᠴᠠ ᠡᠬᠢᠯᠡᠬᠦ ᠬᠡᠷᠡᠭᠲᠡᠢ᠃ ᠰᠤᠷᠤᠬᠴᠢᠳ ᠤᠨ ᠳᠠᠷᠢᠵᠤ ᠪᠤᠶᠢᠵᠢᠭᠤᠯᠤᠭᠰᠠᠨ ᠡᠯ᠎ᠡ ᠵᠦᠢᠯ ᠤᠨ ᠤᠷᠭᠤᠮᠠᠯ ᠢ | ᠨᠣᠮ ᠳᠡᠪᠲᠡᠷ ᠳᠡᠭᠡᠷ᠎ᠡ ᠴᠥᠮ ᠲᠠᠨᠢᠯᠴᠠᠭᠤᠯᠵᠤ ᠪᠠᠶᠢᠳᠠᠭ ᠪᠤᠯᠪᠠᠴᠤ ᠣᠯᠠᠨ ᠢᠶᠠᠷ ᠢᠶᠠᠨ ᠥᠪᠡᠷ ᠤᠨ ᠭᠠᠷ ᠢᠶᠠᠷ ᠢᠶᠠᠨ ᠳᠠᠷᠢᠵᠤ᠂ ᠥᠪᠡᠷ ᠤᠨ ᠪᠡᠶ᠎ᠡ ᠪᠠᠷ ᠢᠶᠠᠨ | ᠪᠤᠶᠢᠵᠢᠭᠤᠯᠵᠤ᠂ ᠮᠥᠷᠳᠡᠨ ᠠᠵᠢᠭᠯᠠᠪᠠᠯ ᠯᠠᠪᠲᠠᠢ ᠠᠳᠠᠯᠢ ᠦᠭᠡᠢ ᠣᠯᠣᠯᠲᠠ ᠲᠠᠢ ᠶᠤᠮ᠃ ᠰᠤᠷᠤᠬᠴᠢ ᠨᠥᠬᠦᠳ ︽ᠲᠠᠷᠢᠶᠠᠨ ᠠᠵᠢᠯ ᠢ ᠬᠢᠵᠦ ᠰᠤᠷᠬᠤ︾ | ᠳᠤᠮᠳᠠ ᠠᠴᠠ ᠲᠠᠷᠢᠶᠠᠨ ᠠᠵᠢᠯ ᠤᠨ ᠬᠦᠴᠢᠷ ᠪᠡᠷᠬᠡᠰᠢᠶᠡᠯ ᠪᠠ ᠲᠠᠷᠢᠶᠠᠴᠢᠳ ᠤᠨ ᠭᠢᠯᠪᠠᠷ ᠪᠤᠰᠤ ᠶᠢ ᠣᠶᠢᠯᠠᠭᠠᠵᠤ᠂ ᠬᠠᠷᠠᠬᠠᠨ ᠪᠠᠭ᠎ᠠ ᠠᠴᠠ ᠪᠠᠨ ᠭᠦᠳᠡᠯᠮᠦᠷᠢ ᠳᠤ | ᠳᠤᠷᠠᠲᠠᠢ᠂ ᠠᠮᠤ ᠪᠤᠳᠠᠭ᠎ᠠ ᠶᠢ ᠨᠠᠨᠳᠢᠩᠨᠠᠨ ᠬᠠᠶᠢᠷᠠᠯᠠᠬᠤ᠂ ᠪᠠᠶᠢᠭᠠᠯᠢ ᠶᠢ ᠬᠦᠨᠳᠦᠳᠬᠡᠬᠦ ᠰᠠᠶᠢᠨ ᠰᠠᠶᠢᠬᠠᠨ ᠳᠠᠳᠬᠠᠯ ᠢ ᠪᠤᠶ ᠪᠤᠯᠭᠠᠵᠤ᠂ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ᠃ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠬᠡᠦᠬᠡᠳ ᠪᠠᠭᠠᠴᠤᠳ ᠠᠴᠠ ᠡᠬᠢᠯᠡᠨ ᠠᠳᠬᠤᠵᠤ᠂ ᠭᠦᠳᠡᠯᠮᠦᠷᠢ ᠶᠢ ᠪᠠᠶᠠᠳᠠᠨ ᠣᠶᠢᠯᠠᠭᠠᠭᠤᠯᠬᠤ ᠠᠮᠢᠳᠤᠯᠢᠭ ᠰᠠᠶᠢᠬᠠᠨ ᠬᠢᠴᠢᠶᠡᠯ ᠢᠶᠠᠷ | ᠳᠠᠮᠵᠢᠭᠤᠯᠤᠨ ᠬᠡᠦᠬᠡᠳ ᠢ ᠪᠡᠶ᠎ᠡ ᠪᠠᠷ ᠨᠢ ᠭᠢᠯᠭᠡᠵᠤ᠂ ᠪᠡᠶ᠎ᠡ ᠪᠠᠷ ᠨᠢ ᠣᠷᠣᠯᠴᠠᠭᠤᠯᠵᠤ᠂ ᠪᠡᠶ᠎ᠡ ᠪᠠᠷ ᠨᠢ ᠣᠶᠢᠯᠠᠭᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠬᠡᠦᠬᠡᠳ ᠤᠨ ᠤᠢ ᠰᠡᠳᠬᠢᠯ ᠳᠤ ᠡᠷᠲᠡᠬᠡᠨ ᠬᠠᠳᠠᠩᠰᠢᠭᠤᠯᠬᠤ ᠬᠡᠷᠡᠭᠲᠡᠢ ᠭᠡᠪᠡ᠃ | ᠰᠤᠷᠭᠠᠭᠤᠯᠢ ᠶᠢᠨ ᠰᠧ ᠼᠦᠩ ᠠᠰᠠᠷ ᠤᠨ ᠬᠤᠶᠠᠳᠤᠭᠠᠷ ᠳᠠᠪᠬᠤᠷᠯᠢᠭ ᠤᠨ ᠰᠢᠨᠵᠢᠯᠡᠬᠦ ᠤᠬᠠᠭᠠᠨ ᠤ ᠬᠢᠴᠢᠶᠡᠯ ᠤᠨ ᠭᠡᠷ ᠠᠴᠠ ᠪᠠᠶᠠᠷᠯᠠᠯᠳᠤᠨ ᠨᠠᠷᠭᠢᠯᠳᠤᠬᠤ | ᠳᠠᠭᠤᠨ ᠲᠠᠰᠤᠷᠠᠯᠳᠠ ᠦᠭᠡᠢ ᠰᠣᠨᠣᠰᠳᠠᠨ᠎ᠠ᠃ ᠰᠢ ᠶᠢᠨ ᠫᠢᠩ ᠬᠢᠴᠢᠶᠡᠯ ᠤᠨ ᠭᠡᠷ ᠲᠤ ᠣᠷᠣᠬᠤ ᠳᠤ᠂ ᠪᠠᠭᠰᠢ ᠰᠤᠷᠤᠬᠴᠢᠳ ᠶᠡᠷᠦᠩᠬᠡᠢ ᠱᠦᠵᠢ ᠳᠤ᠂ ᠪᠢᠳᠠ ᠶᠠᠭ | ᠥᠪᠡᠷ ᠤᠨ ᠰᠤᠷᠤᠬᠰᠠᠨ ᠰᠢᠯᠤᠭᠤᠨ ᠱᠤᠭᠤᠮ ᠤᠨ ᠬᠥᠳᠡᠯᠭᠡᠭᠡᠨ᠂ ᠮᠤᠷᠤᠢ ᠱᠤᠭᠤᠮ ᠤᠨ ᠬᠥᠳᠡᠯᠭᠡᠭᠡᠨ᠂ ᠨᠠᠯᠠᠤ ᠲᠠᠯ᠎ᠠ ᠶᠢᠨ ᠬᠥᠳᠡᠯᠭᠡᠭᠡᠨ ᠵᠡᠷᠭᠡ ᠮᠡᠳᠡᠯᠭᠡ ᠪᠠᠨ | ᠬᠡᠷᠡᠭᠯᠡᠵᠦ᠂ ᠵᠡᠷᠭᠡᠯᠡᠬᠦ ᠮᠣᠳᠣᠨ ᠲᠣᠭᠯᠠᠭᠠᠮ ᠢᠶᠠᠷ ᠠᠭᠤᠯᠠ ᠳᠠᠪᠠᠭ᠋ᠤ ᠲᠡᠷᠭᠡᠨ ᠤ ᠵᠠᠭᠪᠤᠷ ᠢ ᠵᠢᠷᠤᠵᠤ ᠲᠥᠯᠥᠪᠯᠡᠨ ᠰᠢᠯᠭᠠᠨ ᠪᠠᠲᠤᠯᠠᠵᠤ ᠪᠠᠶᠢᠨ᠎ᠠ ᠭᠡᠵᠦ ᠬᠡᠯᠡᠵᠦ | ᠥᠭᠪᠡ᠃ ᠰᠢ ᠶᠢᠨ ᠫᠢᠩ᠂ ᠰᠢᠨᠵᠢᠯᠡᠬᠦ ᠤᠬᠠᠭᠠᠨ ᠤ ᠲᠤᠷᠰᠢᠯᠲᠠ ᠶᠢᠨ ᠬᠢᠴᠢᠶᠡᠯ ᠪᠣᠯ ᠬᠡᠦᠬᠡᠳ ᠤᠨ ᠰᠢᠨᠵᠢᠯᠡᠬᠦ ᠤᠬᠠᠭᠠᠨᠴᠢ ᠰᠡᠳᠬᠢᠬᠦᠢ᠂ ᠦᠯᠦ ᠮᠡᠳᠡᠬᠦ | ᠵᠦᠢᠯ ᠢᠶᠠᠨ ᠬᠠᠶᠢᠨ ᠰᠦᠪᠡᠭᠴᠢᠯᠡᠬᠦ ᠳᠤᠷ᠎ᠠ ᠪᠠᠬ᠎ᠠ ᠪᠣᠯᠣᠨ ᠰᠢᠨ᠎ᠡ ᠶᠢ ᠡᠭᠦᠳᠬᠦ ᠤᠬᠠᠮᠰᠠᠷ ᠢ ᠬᠥᠮᠥᠵᠢᠭᠦᠯᠬᠦ ᠪᠦᠲᠦᠮᠵᠢᠲᠡᠢ ᠠᠷᠭ᠎ᠠ ᠭᠡᠯᠪᠡᠷᠢ ᠪᠣᠯᠣᠨ᠎ᠠ᠃ | ᠰᠤᠷᠤᠬᠴᠢᠳ ᠬᠠᠷᠠᠬᠠᠨ ᠪᠠᠭ᠎ᠠ ᠠᠴᠠ ᠪᠠᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ | ᠪᠠᠶᠢᠨ᠎ᠠ︾ ᠭᠡᠬᠦ ᠬᠦᠰᠡᠯ ᠵᠣᠷᠢᠯᠲᠠ ᠶᠢ ᠪᠤᠢ ᠪᠤᠯᠭᠠᠵᠤ᠂ ᠣᠳᠣᠬᠠᠨ ᠳᠤ ᠵᠣᠷᠢᠭᠲᠠᠢ ᠪᠠᠷ ᠪᠢᠴᠢᠬᠠᠨ ᠰᠢᠨᠵᠢᠯᠡᠬᠦ ᠤᠬᠠᠭᠠᠨᠲᠠᠨ ᠪᠣᠯᠵᠤ᠂ ᠢᠷᠡᠭᠡᠳᠦᠢ ᠳᠤ ᠲᠣᠮᠣ | ᠰᠢᠨᠵᠢᠯᠡᠬᠦ ᠤᠬᠠᠭᠠᠨᠲᠠᠨ ᠪᠤᠯᠬᠤ ᠪᠠᠷ ᠴᠢᠷᠮᠠᠶᠢᠵᠤ᠂ ᠮᠠᠨ ᠤ ᠤᠯᠤᠰ ᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠠᠷᠠᠭ᠎ᠠ ᠨᠢ ᠲᠠᠪᠤᠳᠤᠭᠠᠷ ᠣᠨ ᠤ ᠪᠠᠭᠰᠢ ᠶᠢᠨ ᠠᠯᠪᠠᠨ ᠭᠡᠷ ᠲᠤ ᠬᠦᠷᠴᠦ᠂ ᠰᠤᠳᠤᠯᠤᠨ ᠶᠠᠷᠢᠯᠴᠠᠵᠤ ᠬᠢᠴᠢᠶᠡᠯ ᠪᠡᠯᠡᠳᠬᠡᠵᠦ ᠪᠠᠶᠢᠭ᠎ᠠ ᠪᠠᠭᠰᠢ | ᠨᠠᠷ ᠢ ᠪᠣᠯᠭᠤᠭᠠᠨ ᠦᠵᠡᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢᠨ ᠬᠢᠴᠢᠶᠡᠯ ᠤᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠢ ᠠᠰᠠᠭᠤᠪᠠ᠃ | ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠰᠢᠰᠲ᠋ᠧᠮ ᠪᠣᠯ ᠰᠠᠶᠢᠨ ᠶᠤᠮ᠃ ᠮᠠᠨ ᠤ ᠤᠯᠤᠰ ᠤᠨ | ᠰᠠᠭᠤᠷᠢ ᠰᠤᠷᠭᠠᠨ ᠬᠥᠮᠦᠵᠢᠯ ᠳᠡᠯᠡᠬᠡᠢ ᠳᠡᠭᠡᠷ᠎ᠡ ᠳᠠᠪᠠᠭᠤᠯᠢᠭ ᠲᠠᠯ᠎ᠠ ᠲᠠᠢ ᠶᠤᠮ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠥᠪᠡᠷ ᠤᠨ ᠰᠠᠶᠢᠨ ᠲᠠᠯ᠎ᠠ ᠪᠠᠨ | ᠰᠠᠶᠢᠲᠤᠷ ᠪᠠᠷᠢᠮᠲᠠᠯᠠᠵᠤ᠂ ᠭᠠᠳᠠᠭᠠᠳᠤ ᠶᠢᠨ ᠰᠠᠶᠢᠨ ᠲᠠᠯ᠎ᠠ ᠪᠠᠷ ᠰᠠᠶᠢᠲᠤᠷ ᠲᠣᠯᠢ ᠪᠤᠯᠭᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠨᠡᠭᠡᠭᠡᠯᠲᠡᠲᠡᠢ ᠪᠠᠷ | ᠬᠥᠭᠵᠢᠵᠦ᠂ ᠬᠡᠦᠬᠡᠳ ᠤᠳ ᠢ ᠨᠠᠩ ᠳᠡᠯᠭᠡᠷ ᠬᠠᠷᠠᠭᠠᠰᠤ᠂ ᠨᠠᠩ ᠥᠷᠭᠡᠨ ᠰᠡᠳᠬᠢᠮᠵᠢ᠂ ᠨᠠᠩ ᠨᠡᠭᠡᠭᠡᠯᠲᠡᠲᠤ ᠣᠶᠢᠯᠠᠭᠠᠭᠳᠠᠬᠤᠨ ᠲᠠᠢ ᠪᠤᠯᠭᠠᠵᠤ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠬᠦ᠂ ᠵᠣᠷᠢᠭᠲᠠᠢ ᠪᠠᠷ ᠳᠡᠯᠡᠬᠡᠢ ᠶᠢᠨ ᠭᠠᠶᠢᠬᠠᠮᠰᠢᠭ ᠢ ᠡᠭᠦᠳᠬᠦ ᠤᠯᠤᠰ ᠤᠨ ᠲᠤᠯᠭᠠᠭᠤᠷᠢ ᠴᠢᠳᠠᠪᠤᠷᠢᠲᠠᠨ ᠢ | ᠴᠢᠷᠮᠠᠶᠢᠨ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠴᠢᠳᠠᠪᠤᠷᠢᠲᠠᠨ ᠢ ᠬᠥᠮᠥᠵᠢᠭᠦᠯᠬᠦ ᠶᠢᠨ ᠵᠠᠩᠭᠢᠯᠠᠭ᠎ᠠ ᠨᠢ ᠪᠠᠭᠰᠢ ᠳᠤ ᠪᠤᠢ᠃ | ᠥᠷᠭᠡᠨ ᠤᠯᠠᠨ ᠪᠠᠭᠰᠢ ᠨᠠᠷ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠤᠨ ᠰᠤᠷᠭᠠᠨ ᠬᠥᠮᠥᠵᠢᠯᠲᠡᠨ ᠢᠶᠠᠷ ᠳᠠᠭᠤᠷᠢᠶᠠᠯ ᠪᠤᠯᠭᠠᠵᠤ᠂ ᠶᠣᠰᠣ ᠰᠤᠷᠲᠠᠬᠤᠨ ᠢᠶᠠᠷ ᠪᠡᠶ᠎ᠡ ᠪᠠᠨ ᠵᠠᠰᠠᠵᠤ᠂ | ᠶᠣᠰᠣ ᠰᠤᠷᠲᠠᠬᠤᠨ ᠢᠶᠠᠷ ᠰᠤᠷᠭᠠᠭᠤᠯᠢ ᠡᠷᠭᠢᠯᠡᠵᠤ᠂ ᠶᠣᠰᠣ ᠰᠤᠷᠲᠠᠬᠤᠨ ᠢᠶᠠᠷ ᠵᠢᠭᠠᠨ ᠰᠤᠷᠭᠠᠬᠤ ᠬᠡᠷᠡᠭᠲᠡᠢ᠃ ᠨᠡᠶᠢᠭᠡᠮ ᠳᠠᠶᠠᠭᠠᠷ ᠲᠤ ᠪᠠᠭᠰᠢ ᠶᠢ ᠬᠦᠨᠳᠦᠳᠬᠡᠨ | ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠵᠤ᠂ ᠪᠠᠭᠰᠢ ᠶᠢᠨ ᠠᠵᠢᠯ ᠢ ᠨᠡᠶᠢᠭᠡᠮ ᠤᠨ ᠬᠦᠨᠳᠦᠳᠬᠡᠯ ᠪᠠ ᠬᠥᠮᠥᠰ ᠤᠨ | ᠪᠠᠭ᠋ᠠᠷᠬᠠᠯ ᠢ ᠬᠠᠮᠤᠭ ᠠᠴᠠ ᠢᠯᠡᠭᠦᠦ ᠣᠯᠣᠭᠰᠠᠨ ᠲᠤᠬᠠᠶᠢᠯᠠᠬᠰᠨ ᠠᠵᠢᠯ ᠪᠤᠯᠭᠠᠵᠤ᠂ ᠰᠢᠯᠢᠳᠡᠭ ᠴᠢᠳᠠᠪᠤᠷᠢᠲᠠᠨ ᠢᠳᠡᠪᠬᠢᠯᠡᠨ ᠪᠠᠭᠰᠢ ᠪᠤᠯᠬᠤ᠂ ᠰᠢᠯᠢᠳᠡᠭ ᠪᠠᠭᠰᠢ | ᠲᠠᠰᠤᠷᠠᠯᠳᠠ ᠦᠭᠡᠢ ᠴᠣᠯᠭᠤᠷᠠᠨ ᠭᠠᠷᠬᠤ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠤᠷᠭᠠᠭᠤᠯᠢ ᠶᠢᠨ ᠵᠢᠵᠢᠭ ᠠᠭᠤᠳᠠᠮ ᠲᠠᠯᠠᠪᠠᠢ ᠳᠤ ᠪᠠᠭᠰᠢ ᠰᠤᠷᠤᠬᠴᠢᠳ ᠶᠡᠷᠦᠩᠬᠡᠢ ᠱᠦᠵᠢ ᠶᠢ ᠬᠠᠯᠠᠭᠤᠨ ᠢᠶᠠᠷ ᠦᠳᠡᠨ ᠮᠣᠷᠳᠠᠭᠤᠯᠪᠠ᠃ ᠰᠢ ᠶᠢᠨ ᠫᠢᠩ | ᠬᠡᠦᠬᠡᠳ ᠤᠳ ᠤᠨ ᠢᠳᠡᠷᠡᠭᠦᠨ ᠢᠶᠠᠷ ᠦᠰᠦᠨ ᠪᠤᠶᠢᠵᠢᠵᠤ᠂ ᠡᠷᠡᠭᠦᠯ ᠴᠢᠭᠢᠷᠠᠭ ᠢᠶᠠᠷ ᠴᠢᠳᠠᠪᠤᠷᠢᠲᠠᠨ ᠪᠤᠯᠬᠤ ᠶᠢ ᠵᠥᠩᠨᠡᠭᠰᠡᠨ ᠪᠥᠭᠡᠳ ᠪᠦᠭᠦ ᠤᠯᠤᠰ ᠤᠨ ᠥᠷᠭᠡᠨ | ᠤᠯᠠᠨ ᠪᠠᠭᠠᠴᠤᠳ ᠬᠡᠦᠬᠡᠳ ᠲᠤ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠡᠨᠡ ᠡᠳᠦᠷ ᠪᠢ | ᠲᠤᠰᠬᠠᠶᠢᠯᠠᠨ ᠪᠡᠭᠡᠵᠢᠩ ᠤᠨ ᠢᠦᠢ ᠶᠢᠩ ᠰᠤᠷᠭᠠᠭᠤᠯᠢ ᠳᠤ ᠢᠷᠡᠵᠤ ᠤᠯᠠᠨ ᠢ ᠡᠷᠭᠢᠨ ᠦᠵᠡᠵᠦ᠂ ᠪᠢᠴᠢᠬᠠᠨ ᠨᠠᠶᠢᠵᠠ ᠨᠠᠷ ᠲᠠᠢ ︽6 · 1︾ ᠤ ᠬᠡᠦᠬᠡᠳ ᠤᠨ | ᠪᠠᠶᠠᠷ ᠢ ᠬᠠᠮᠲᠤ ᠪᠠᠷ ᠪᠡᠯᠭᠡᠯᠡᠪᠡ᠃ ᠰᠤᠷᠤᠬᠴᠢ ᠨᠥᠬᠦᠳ ᠤᠨ ᠠᠰᠪᠤᠷᠢ ᠴᠠᠶᠢᠯᠭᠠᠨ ᠴᠣᠪᠣᠭᠤ ᠳᠡᠭᠵᠢᠨ᠂ ᠴᠤᠭ ᠪᠠᠳᠠᠷᠠᠩᠭᠤᠢ᠂ ᠵᠣᠯ ᠵᠢᠷᠭᠠᠯ ᠲᠠᠢ ᠢᠨᠢᠶᠡᠮᠰᠦᠭᠯᠡᠯ ᠢ | ᠦᠵᠡᠭᠡᠳ ᠲᠤᠩ ᠪᠠᠶᠠᠷ ᠲᠠᠢ ᠪᠠᠶᠢᠨ᠎ᠠ᠃ ᠨᠠᠮ ᠤᠨ ᠲᠥᠪ ᠬᠤᠷᠢᠶ᠎ᠠ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠢᠮᠠᠭᠲᠠ ᠬᠠᠯᠠᠮᠵᠢᠯᠠᠨ | ᠬᠠᠷᠠᠭᠠᠯᠵᠠᠵᠤ᠂ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠨᠡᠩ ᠰᠠᠶᠢᠨ ᠣᠷᠴᠢᠨ | ᠨᠥᠬᠦᠴᠡᠯ ᠢ ᠴᠢᠷᠮᠠᠶᠢᠨ ᠪᠤᠢ ᠪᠣᠯᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮᠲᠤ ᠪᠠᠶᠢᠭᠤᠯᠤᠯ ᠤᠨ ᠢᠯᠡᠳᠲᠡ | ᠳᠠᠪᠠᠭᠤᠯᠢᠭ ᠳᠣᠣᠷ᠎ᠠ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ ᠬᠡᠦᠬᠡᠳ ᠯᠠᠪᠲᠠᠢ ᠤᠯᠠᠮ ᠠᠴᠠ | ᠤᠯᠠᠮ ᠵᠣᠯ ᠵᠢᠷᠭᠠᠯ ᠲᠠᠢ ᠪᠣᠯᠵᠤ᠂ ᠯᠠᠪᠲᠠᠢ ᠨᠡᠩ ᠰᠠᠶᠢᠨ ᠰᠠᠶᠢᠬᠠᠨ ᠢᠷᠡᠭᠡᠳᠦᠢ ᠲᠠᠢ ᠪᠤᠯᠬᠤ ᠶᠢ ᠪᠢ ᠢᠲᠡᠭᠡᠵᠦ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ | ᠪᠠ ᠵᠠᠰᠠᠭ ᠤᠨ ᠣᠷᠳᠣᠨ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠬᠡᠦᠬᠡᠳ ᠪᠠᠭᠠᠴᠤᠳ ᠤᠨ ᠦᠢᠯᠡᠰ ᠤᠨ ᠬᠥᠭᠵᠢᠯᠲᠡ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠢ | ᠦᠨᠡᠨ ᠬᠦ ᠰᠠᠶᠢᠲᠤᠷ ᠬᠢᠵᠦ᠂ ᠬᠦᠴᠢᠷᠳᠡᠯ ᠲᠠᠢ ᠭᠡᠷ ᠪᠦᠯᠢ ᠶᠢᠨ ᠬᠡᠦᠬᠡᠳ ᠢᠯᠠᠩᠭᠤᠶ᠎ᠠ ᠥᠨᠥᠴᠢᠨ ᠬᠡᠦᠬᠡᠳ ᠪᠠ ᠵᠡᠮᠳᠡᠭ ᠬᠡᠦᠬᠡᠳ ᠢ ᠬᠠᠯᠠᠮᠵᠢᠯᠠᠨ ᠬᠠᠪᠰᠤᠷᠴᠤ᠂ | ᠪᠤᠢ ᠪᠦᠬᠦᠢ ᠬᠡᠦᠬᠡᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠵᠣᠯ ᠵᠢᠷᠭᠠᠯ ᠲᠠᠢ ᠰᠠᠶᠢᠨ ᠰᠠᠶᠢᠬᠠᠨ ᠪᠠᠭ᠎ᠠ ᠨᠠᠰᠤ ᠶᠢ | ᠡᠳ᠋ᠯᠡᠭᠦᠯᠭᠦ ᠬᠡᠷᠡᠭᠲᠡᠢ ᠭᠡᠵᠡᠢ᠃ | ᠰᠢ ᠶᠢᠨ ᠫᠢᠩ ᠰᠤᠷᠤᠬᠴᠢ ᠨᠥᠬᠦᠳ ᠲᠤ᠂ ᠥᠨᠥᠳᠥᠷ ᠤᠨ ᠪᠠᠭᠠᠴᠤᠳ ᠬᠡᠦᠬᠡᠳ ᠪᠣᠯ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠵᠠᠯᠭᠠᠮᠵᠢᠯᠠᠭᠴᠢ ᠪᠠ ᠢᠷᠡᠭᠡᠳᠦᠢ ᠶᠢᠨ ᠭᠤᠣᠯ ᠬᠦᠴᠦᠨ ᠮᠥᠨ᠃ ᠲᠤᠰ ᠵᠠᠭᠤᠨ ᠤ ᠳᠤᠮᠳᠠᠴᠢ | ᠦᠶ᠎ᠡ ᠪᠠᠷ ᠮᠠᠨ ᠤ ᠤᠯᠤᠰ ᠢᠶᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ | ᠤᠳᠤ ᠮᠠᠨ ᠤ ᠡᠨᠡ ᠦᠶ᠎ᠡ ᠶᠢᠨ ᠬᠥᠮᠥᠰ ᠴᠢᠷᠮᠠᠶᠢᠨ ᠲᠡᠮᠡᠴᠡᠵᠦ ᠪᠠᠶᠢᠨ᠎ᠠ᠂ ᠢᠷᠡᠭᠡᠳᠦᠢ ᠳᠤ ᠲᠠ ᠨᠠᠷ ᠤᠨ ᠦᠷᠭᠦᠯᠵᠢᠯᠡᠨ ᠲᠡᠮᠡᠴᠡᠬᠦ ᠳᠤ ᠲᠦᠰᠢᠭᠯᠡᠬᠦ ᠪᠣᠯᠣᠨ᠎ᠠ ᠭᠡᠪᠡ᠃ | | ᠰᠢ ᠶᠢᠨ ᠫᠢᠩ ᠥᠷᠭᠡᠨ ᠣᠯᠠᠨ ᠭᠡᠷ ᠤᠨ ᠠᠬᠠᠮᠠᠳ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠭᠡᠷ ᠪᠦᠯᠢ ᠵᠣᠯ ᠵᠢᠷᠭᠠᠯ ᠲᠠᠢ ᠪᠠᠶᠢᠬᠤ ᠶᠢ ᠬᠦᠰᠡᠨ ᠵᠥᠩᠨᠡᠵᠦ | ᠂ ᠥᠷᠭᠡᠨ ᠣᠯᠠᠨ ᠪᠠᠭᠰᠢ ᠨᠠᠷ ᠠᠷᠢᠭᠤᠨ ᠳᠠᠷᠬᠠᠨ ᠠᠵᠢᠯ ᠤᠨ ᠪᠠᠶᠢᠷᠢ ᠳᠡᠭᠡᠷ᠎ᠡ ᠪᠠᠨ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠨ ᠵᠥᠩᠨᠡᠪᠡ᠃ | ᠶᠢᠨ ᠯᠢ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ ᠶᠢᠨ ᠬᠠᠷᠢᠭᠤᠴᠠᠯᠭᠠᠲᠠᠨ | ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠭᠢᠯᠭᠠᠨ ᠮᠡᠳᠡᠭᠡ︶ | |