ᠷᠦᠢ ᠲᠠᠢ ᠨᠡᠶᠢᠭᠡᠮ ᠲᠣᠭᠤᠷᠢᠭ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠪᠡᠯᠬᠡᠯᠡᠬᠦ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2023/6/21
      6 ᠰᠠᠷ᠎ᠠ ᠶᠢᠨ 20 ᠤ ᠡᠳᠦᠷ᠂  ᠮᠠᠨ ᠤ ᠬᠤᠰᠢᠭᠤᠨ ᠤ  ᠷᠦᠨ ᠲᠠᠢ  ᠨᠡᠶᠢᠭᠡᠮ ᠲᠣᠭᠤᠷᠢᠭ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠪᠡᠯᠭᠡᠯᠡᠬᠦ ᠬᠥᠳᠡᠯᠭᠡᠭᠡᠨ ᠦᠷᠨᠢᠭᠦᠯᠦᠭᠰᠡᠨ ᠪᠠᠶᠢᠨ᠎ᠠ᠃ ᠬᠥᠳᠡᠯᠭᠡᠭᠡᠨ ᠳᠤ ᠂  ᠨᠡᠶᠢᠭᠡᠮ ᠲᠣᠭᠤᠷᠢᠭ ᠤᠨ ᠬᠢᠨ  ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠠᠰᠤᠲᠠᠶᠢᠴᠤᠳ ᠢ ᠵᠣᠬᠢᠶᠠᠨ ᠪᠠᠶᠢᠭᠤᠯᠵᠤ᠂ ᠬᠠᠮᠲᠤ ᠪᠠᠷ ᠬᠤᠯᠤᠰᠤᠨ ᠤ ᠨᠠᠪᠴᠢᠨ ᠳᠤ ᠪᠠᠭᠯᠠᠭᠰᠠᠨ ᠨᠠᠩᠭᠢ ᠪᠣᠭᠤᠬᠤ ᠶᠢᠨ ᠳᠠᠭᠠᠤ ᠬᠤᠭᠤᠷᠣᠨᠳᠤ ᠪᠠᠨ ᠨᠠᠩᠭᠢ ᠶᠢ ᠬᠡᠷᠬᠢᠨ ᠵᠥᠪ ᠨᠣᠨᠣᠪᠴᠢᠲᠠᠢ ᠰᠠᠶᠢᠬᠠᠨ ᠬᠢᠬᠦ ᠶᠢᠨ  ᠲᠣᠬᠠᠢ ᠨᠢᠭᠡ ᠨᠢᠭᠡᠨ ᠳᠡᠭᠡᠨ ᠵᠢᠭᠠᠵᠤ ᠬᠥᠭᠡᠷᠦᠯᠳᠦᠨ᠂  ᠠᠬᠤᠢ ᠲᠠᠯᠡᠪᠤᠷ ᠲᠤ ᠢᠨᠢᠶᠡᠳᠦ ᠪᠠᠶᠠᠰᠤᠯ ᠢᠶᠠᠷ ᠳᠦᠭᠦᠷᠡᠩ ᠪᠠᠶᠢᠯ᠎ᠠ᠃

端午4.jpg

      ᠣᠶᠢᠯᠠᠭᠠᠯᠲᠠ ᠪᠠᠷ ᠂ ᠲᠤᠰ ᠤᠳᠠᠭᠠᠨ ᠤ ᠬᠥᠳᠡᠯᠭᠡᠭᠡᠨ ᠳᠤ ᠨᠡᠶᠢᠭᠡᠮ ᠲᠣᠭᠤᠷᠢᠭ ᠤᠨ ᠠᠵᠢᠯᠲᠠᠳ ᠵᠢᠴᠢ ᠰᠠᠭᠤᠭᠠᠯᠢ ᠠᠷᠠᠳ ᠨᠡᠶᠢᠳᠡ 60 ᠭᠠᠷᠤᠢ

ᠬᠥᠮᠥᠨ ᠢᠳᠡᠪᠬᠢᠯᠡᠨ ᠣᠷᠤᠯᠴᠠᠵᠤ ᠂ ᠨᠡᠶᠢᠭᠡᠮ ᠲᠣᠭᠤᠷᠢᠭ ᠠᠴᠠ ᠪᠠᠰᠠ ᠢᠷᠡᠭᠰᠡᠨ ᠨᠠᠰᠤᠲᠠᠶᠢᠴᠤᠳ ᠲᠤ ᠵᠢᠵᠢᠭ  ᠪᠡᠯᠡᠭ ᠭᠠᠷᠳᠠᠭᠤᠯᠵᠤ᠂ ᠨᠡᠶᠢᠬᠡᠮ ᠲᠣᠭᠤᠷᠢᠭ ᠨᠢ

ᠰᠠᠭᠤᠭᠠᠯᠢ ᠠᠷᠠᠳ ᠲᠠᠢ ᠬᠠᠷᠢᠯᠴᠠᠭ᠎ᠠ ᠶᠠᠪᠤᠯᠴᠠᠭ᠎ᠠ ᠪᠠᠨ ᠤᠯᠠᠮ ᠳᠣᠲᠣᠨᠣ ᠪᠤᠯᠭᠠᠬᠤ ᠶᠢᠨ ᠬᠠᠮᠲᠤ ᠪᠠᠰᠠ ᠡᠯ᠎ᠡ ᠦᠨᠳᠦᠰᠦᠲᠡᠨ ᠨᠦᠭᠦᠳ ᠤᠨ ᠬᠤᠭᠤᠷᠤᠨᠳᠤᠬᠢ

ᠬᠠᠷᠢᠯᠴᠠᠭ᠎ᠠ ᠶᠠᠪᠤᠯᠴᠠᠭ᠎ᠠ ᠪᠠᠨ ᠤᠯᠠᠮ ᠨᠢᠭᠡ  ᠠᠯᠬᠤᠮ  ᠴᠢᠩᠭᠠᠳᠬᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

端午5.jpg

     ᠬᠥᠳᠡᠯᠭᠡᠭᠡᠨ ᠤ ᠰᠡᠭᠦᠯ ᠳᠤ ᠨᠠᠩᠭᠢ ᠪᠣᠭᠤᠵᠤ ᠪᠠᠷᠠᠭᠰᠠᠨ ᠤ ᠳᠠᠷᠠᠭ᠎ᠠ ᠪᠠᠰᠠ ᠬᠠᠮᠲᠤ  ᠳᠠᠭᠠᠨ ᠶᠡᠷᠦᠩᠬᠡᠢ ᠱᠥᠵᠢ ᠰᠢ  ᠶᠢᠨ ᠫᠢᠩ ᠤᠨ ᠮᠠᠨ ᠤ ᠬᠤᠰᠢᠭᠤᠨ ᠤ

ᠤᠯᠢᠶᠠᠰᠤᠲᠠᠢ ᠨᠠᠭᠤᠷ ᠲᠤ ᠢᠷᠡᠵᠦ ᠲᠣᠭᠤᠷᠢᠨ ᠪᠠᠶᠢᠴᠠᠭᠠᠭᠰᠠᠨ ᠰᠣᠨᠢᠨ ᠮᠡᠳᠡᠭᠡ ᠶᠢ ᠦᠵᠡᠴᠡᠭᠡᠭᠰᠡᠨ ᠪᠠᠶᠢᠨ᠎ᠠ᠃

端午6.jpg

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ