ᠬᠤᠨᠢ ᠢᠮᠠᠭᠠᠨ ᠳᠤ ᠶᠠᠮᠠᠷ ᠬᠡᠳᠦᠨ ᠵᠦᠢᠯ ᠤᠨ ᠪᠢᠴᠢᠯ ᠡᠯᠧᠮᠧᠨ᠋ᠲ ᠠᠮᠠᠷᠬᠠᠨ ᠲᠤᠳᠠᠭᠳᠠᠳᠠᠭ ᠪᠣᠢ
ᠨᠡᠶᠢᠲᠡᠯᠡᠭᠰᠡᠨ ᠴᠠᠭ᠄
2023/6/27
     1. ᠰᠧᠯᠧᠨ      ᠰᠧᠯᠧᠨ ᠳᠤᠲᠠᠭᠳᠠᠪᠠᠯ ᠡᠯᠢᠭᠡ ᠦᠬᠦᠵᠢᠬᠦ᠂ ᠵᠢᠷᠦᠬᠡᠨ ᠪᠤᠯᠴᠢᠩ ᠤᠨ ᠴᠢᠨᠠᠷ ᠬᠤᠪᠢᠷᠠᠬᠤ ᠪᠠ ᠨᠦᠢᠷ ᠤᠨ ᠡᠳ᠋ ᠬᠠᠲᠠᠩᠬᠢᠷᠠᠬᠤ ᠵᠡᠷᠭᠡ ᠶᠢ ᠡᠭᠦᠰᠬᠡᠵᠦ᠂ ᠬᠤᠷᠠᠭ᠎ᠠ ᠢᠮᠠᠭ᠎ᠠ ᠶᠢ ᠰᠢᠮ᠎ᠡ ᠲᠡᠵᠢᠭᠡᠯ ᠤᠨ ᠴᠢᠨᠠᠷᠲᠠᠢ ᠪᠤᠯᠴᠢᠩ ᠬᠠᠲᠠᠩᠭᠢᠷᠠᠭᠤᠯᠵᠤ᠂ ᠴᠠᠭᠠᠨ ᠪᠤᠯᠴᠢᠩ ᠤᠨ ᠡᠪᠡᠳᠴᠢᠨ ᠳᠤ ᠨᠡᠷᠪᠡᠭᠳᠡᠭᠦᠯᠦᠨ᠎ᠡ᠂ ᠬᠤᠷᠠᠭ᠎ᠠ ᠢᠰᠢᠭᠡᠨ ᠳᠤ ᠬᠠᠮᠤᠭ ᠣᠯᠠᠨ ᠲᠣᠬᠢᠶᠠᠯᠳᠤᠳᠠᠭ᠂ ᠪᠠᠰᠠ ᠬᠠᠮᠤᠭ ᠬᠦᠨᠳᠦ ᠬᠡᠴᠡᠭᠦᠦ ᠪᠠᠶᠢᠳᠠᠭ ᠶᠤᠮ᠃ ᠨᠠᠰᠤ ᠭᠦᠢᠴᠡᠭᠰᠡᠨ ᠬᠤᠨᠢᠨ ᠤ ᠦᠷᠡᠵᠢᠯ ᠤᠨ ᠴᠢᠳᠠᠪᠤᠷᠢ ᠨᠢ ᠰᠠᠮᠠᠭᠤᠷᠠᠬᠤ᠂ ᠦᠷᠡᠵᠢᠬᠦ ᠴᠢᠳᠠᠪᠤᠷᠢ ᠨᠢ ᠪᠠᠭᠤᠷᠠᠬᠤ᠂ ᠪᠡᠶ᠎ᠡ ᠶᠢᠨ ᠬᠦᠨᠳᠦ ᠨᠢ ᠬᠦᠨᠳᠦ ᠨᠣᠴᠢᠲᠠᠢ ᠪᠠᠭᠤᠷᠠᠬᠤ ᠵᠡᠷᠭᠡ ᠪᠠᠷ ᠢᠯᠡᠷᠡᠨ᠎ᠡ᠂ ᠡᠶᠢᠮᠦ ᠠᠴᠠ ᠰᠧᠯᠧᠨ ᠨᠥᠬᠦᠪᠦᠷᠢᠯᠡᠬᠦ ᠶᠢ ᠠᠩᠬᠠᠷᠬᠤ ᠬᠡᠷᠡᠭᠲᠡᠢ᠃      2. ᠺᠣᠪᠠᠯᠲ     ᠺᠣᠪᠠᠯᠲ ᠳᠤᠲᠠᠭᠳᠠᠪᠠᠯ ᠭᠦᠵᠡᠭᠡᠨ ᠤ ᠪᠠᠺᠲ᠋ᠧᠷᠢ ᠶᠢᠨ ᠢᠳᠡᠪᠬᠢ ᠴᠢᠨᠠᠷ ᠢ ᠪᠠᠭᠤᠷᠠᠭᠤᠯᠵᠤ᠂ B ᠲᠥᠷᠥᠯ ᠤᠨ ᠸᠢᠲ᠋ᠠᠮᠢᠨ ᠪᠣᠯᠣᠨ ᠸᠢᠲ᠋ᠠᠮᠢᠨ K ᠶᠢᠨ ᠮᠢᠺᠷᠣᠪ ᠤᠨ ᠨᠡᠶᠢᠯᠡᠯᠭᠡ ᠶᠢ ᠬᠤᠷᠢᠭᠯᠠᠨ᠂ ᠲᠡᠵᠢᠭᠡᠯ ᠪᠣᠷᠳᠣᠭᠠᠨ ᠳᠠᠬᠢ ᠸᠢᠲ᠋ᠠᠮᠢᠨ A᠂ ᠸᠢᠲ᠋ᠠᠮᠢᠨ D ᠪᠣᠯᠣᠨ ᠸᠢᠲ᠋ᠠᠮᠢᠨ E ᠵᠡᠷᠭᠡ ᠶᠢᠨ ᠰᠢᠩᠭᠡᠭᠡᠯᠲᠡ ᠶᠢ ᠪᠠᠭᠤᠷᠠᠭᠤᠯᠵᠤ᠂ ᠡᠮ᠎ᠡ ᠬᠤᠨᠢᠨ ᠤ ᠦᠷᠡᠵᠢᠯ ᠤᠨ ᠴᠢᠳᠠᠪᠤᠷᠢ ᠶᠢ ᠨᠥᠯᠥᠭᠡᠯᠡᠨ᠎ᠡ᠃ ᠬᠤᠨᠢᠨ ᠤ ᠬᠤᠨᠤᠭ ᠤᠨ ᠲᠡᠵᠢᠭᠡᠯ ᠳᠤ ᠺᠣᠪᠠᠯᠲ ᠤᠨ ᠢᠰᠦᠯ ᠪᠤᠶᠤ ᠺᠣᠪᠠᠯᠲ ᠤᠨ ᠳᠠᠪᠤᠰᠤ ᠶᠢ ᠨᠡᠮᠡᠨ᠎ᠡ᠂ ᠡᠮ ᠤᠨ ᠬᠡᠮᠵᠢᠶ᠎ᠡ ᠨᠢ ᠡᠳᠦᠷ ᠪᠦᠷᠢ 0.1 ᠮᠢᠯᠢᠭᠷᠡᠮ ᠪᠠᠶᠢᠬᠤ ᠬᠡᠷᠡᠭᠲᠡᠢ᠃      3. ᠵᠡᠰ      ᠵᠡᠰ ᠪᠣᠯ ᠴᠢᠰᠤ ᠪᠦᠲᠦᠭᠡᠬᠦ ᠭᠤᠤᠯ ᠡᠯᠧᠮᠧᠨ᠋ᠲ ᠪᠣᠯᠤᠨ᠎ᠠ᠃ ᠵᠡᠰ ᠳᠤᠲᠠᠭᠳᠠᠪᠠᠯ ᠲᠡᠮᠦᠷ ᠤᠨ ᠰᠢᠩᠭᠡᠭᠡᠯᠲᠡ ᠶᠢ ᠬᠠᠷᠰᠢᠯᠠᠬᠤ ᠪᠤᠶᠤ ᠴᠢᠰᠤ ᠳᠤᠲᠠᠵᠤ᠂ ᠥᠰᠦᠯᠲᠡ ᠶᠢ ᠬᠠᠷᠰᠢᠯᠠᠬᠤ᠂ ᠶᠠᠰᠤ ᠵᠡᠷᠡᠮᠳᠡᠭ ᠪᠣᠯᠬᠤ ᠪᠠ ᠦᠰᠦᠨ ᠤ ᠥᠩᠭᠡ ᠶᠢ ᠭᠦᠢᠬᠡᠨ ᠪᠣᠯᠭᠠᠬᠤ ᠪᠠᠷ ᠢᠯᠡᠷᠡᠨ᠎ᠡ᠃ ᠮᠠᠨ ᠤ ᠤᠯᠤᠰ ᠤᠨ ᠬᠡᠰᠡᠭ ᠬᠤᠵᠢᠷᠰᠢᠭᠰᠠᠨ ᠬᠤᠯᠤᠰᠤᠨ ᠤ ᠨᠤᠭᠤ ᠭᠠᠵᠠᠷ ᠲᠤ ᠨᠡᠶᠢᠲᠡᠯᠢᠭ ᠴᠢᠨᠠᠷᠲᠠᠢ ᠬᠤᠷᠠᠭ᠎ᠠ ᠵᠡᠰ ᠳᠤᠲᠠᠬᠤ ᠭᠡᠮ ᠭᠠᠷᠴᠤ᠂ ᠰᠠᠶ᠋ᠢ ᠲᠥᠷᠥᠭᠰᠡᠨ ᠬᠤᠷᠠᠭ᠎ᠠ ᠵᠡᠰ ᠳᠤᠲᠠᠭᠳᠠᠬᠤ ᠠᠴᠠ ᠪᠣᠯᠵᠤ ᠨᠤᠭᠤᠰᠤ ᠪᠠ ᠲᠠᠷᠢᠬᠢᠨ ᠤ ᠡᠪᠡᠳᠴᠢᠨ ᠤ ᠬᠤᠪᠢᠷᠠᠯᠲᠠ᠂ ᠬᠥᠳᠡᠯᠭᠡᠭᠡᠨ ᠤ ᠲᠡᠩᠴᠡᠭᠦᠷᠢ ᠪᠠᠨ ᠠᠯᠳᠠᠭᠰᠠᠨ ᠠᠴᠠ ᠪᠣᠯᠵᠤ ᠰᠠᠵᠢᠯᠠᠬᠤ ᠡᠪᠡᠳᠴᠢᠨ ᠵᠡᠷᠭᠡ ᠶᠢ ᠡᠭᠦᠰᠬᠡᠳᠡᠭ︔ ᠬᠤᠨᠢ ᠵᠡᠰ ᠳᠤᠲᠠᠭᠳᠠᠬᠤ ᠠᠴᠠ ᠪᠣᠯᠵᠤ ᠭᠦᠵᠡᠭᠡᠨ ᠤ ᠰᠢᠷᠬᠡᠭᠯᠢᠭ ᠢᠶᠠᠷ ᠪᠥᠭᠡᠮᠨᠡᠷᠡᠳᠡᠭ᠃ ᠵᠡᠰ ᠳᠤᠲᠠᠭᠳᠠᠪᠠᠯ ᠬᠦᠬᠦᠷ ᠬᠦᠴᠢᠯ ᠤᠨ ᠵᠡᠰ ᠢ ᠨᠥᠬᠦᠪᠦᠷᠢᠯᠡᠬᠦ ᠦᠢᠯᠡᠳᠦᠯ ᠨᠢ ᠬᠠᠮᠤᠭ ᠰᠠᠶᠢᠨ᠂ ᠬᠤᠨᠢᠨ ᠤ ᠡᠯᠢᠭᠡᠨ ᠤ ᠡᠰ ᠨᠢ ᠵᠡᠰ ᠲᠤ ᠮᠠᠰᠢ ᠶᠡᠭᠡ ᠨᠡᠶᠢᠯᠡᠬᠦ ᠬᠦᠴᠦᠨ ᠲᠠᠢ᠂ ᠠᠮᠠᠷᠬᠠᠨ ᠬᠤᠷᠠᠮᠳᠤᠳᠠᠭ ᠲᠤᠯᠠ ᠵᠡᠰ ᠲᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃      4. ᠴᠠᠶᠢᠷ      ᠴᠠᠶᠢᠷ ᠪᠣᠯ ᠬᠤᠨᠢᠨ ᠤ ᠪᠡᠶ᠎ᠡ ᠳᠠᠬᠢ ᠮᠠᠰᠢ ᠣᠯᠠᠨ ᠢᠰᠬᠡᠭᠦᠷ ᠤᠨ ᠲᠥᠷᠥᠯ᠂ ᠤᠭᠤᠷᠠᠭ ᠪᠠ ᠪᠥᠭᠡᠮ ᠰᠢᠬᠢᠷ ᠵᠡᠷᠭᠡ ᠶᠢᠨ ᠪᠦᠷᠢᠯᠳᠦᠭᠦᠨ ᠪᠣᠯᠣᠨ᠎ᠠ᠃ ᠳᠤᠲᠠᠭᠳᠠᠬᠤ ᠦᠶ᠎ᠡ ᠶᠢᠨ ᠬᠠᠮᠤᠭ ᠢᠯᠡᠷᠬᠡᠢ ᠢᠯᠡᠷᠡᠯ ᠪᠣᠯ ᠦᠩᠭᠡᠨ ᠠᠷᠠᠰᠤᠨ ᠤ ᠡᠰ ᠵᠤᠵᠠᠭᠠᠷᠠᠬᠤ᠂ ᠡᠪᠡᠷᠰᠢᠬᠦ᠂ ᠢᠳᠡᠭᠡᠨ ᠤ ᠳᠤᠷᠠᠰᠢᠯ ᠮᠠᠭᠤᠳᠠᠬᠤ᠂ ᠥᠰᠦᠯᠲᠡ ᠤᠳᠠᠭᠠᠰᠢᠷᠠᠬᠤ ᠪᠠ ᠦᠷᠡᠵᠢᠬᠦ ᠴᠢᠳᠠᠪᠤᠷᠢ ᠮᠠᠭᠤᠳᠠᠬᠤ᠂ ᠬᠤᠨᠢᠨ ᠨᠣᠣᠰᠣ ᠠᠮᠠᠷᠬᠠᠨ ᠭᠤᠤᠵᠢᠨ ᠤᠨᠠᠬᠤ ᠵᠡᠷᠭᠡ᠃ ᠮᠠᠨ ᠤ ᠤᠯᠤᠰ ᠤᠨ ᠥᠪᠥᠷ ᠮᠣᠩᠭᠤᠯ ᠤᠨ ᠬᠡᠰᠡᠭ ᠭᠠᠵᠠᠷ ᠣᠷᠣᠨ ᠳᠤ ᠴᠠᠶᠢᠷ ᠳᠤᠲᠠᠭᠳᠠᠬᠤ ᠠᠴᠠ ᠪᠣᠯᠵᠤ ᠬᠤᠨᠢᠨ ᠳᠤ ᠤᠨᠴᠠᠭᠠᠢ ᠡᠪᠡᠳᠴᠢᠨ ᠡᠭᠦᠰᠴᠦ᠂ ᠬᠤᠴᠠ ᠶᠢᠨ ᠦᠷ᠎ᠡ ᠬᠠᠷᠪᠤᠬᠤ ᠬᠡᠮᠵᠢᠶ᠎ᠡ ᠨᠢ ᠪᠠᠭᠠᠰᠴᠤ᠂ ᠦᠷ᠎ᠡ ᠶᠢᠨ ᠰᠢᠩᠭᠡᠨ ᠤ ᠴᠢᠨᠠᠷ ᠨᠢ ᠮᠠᠭᠤᠳᠠᠵᠠᠢ᠃ ᠠᠷᠠᠰᠤᠨ ᠳᠣᠣᠷ᠎ᠠ ᠤᠷᠲᠤ ᠬᠤᠭᠤᠴᠠᠭᠠᠨ ᠤ ᠦᠢᠯᠡᠳᠦᠯ ᠲᠠᠢ ᠴᠠᠶᠢᠷ ᠢ ᠲᠠᠷᠢᠬᠤ ᠪᠤᠶᠤ ᠨᠡᠶᠢᠯᠡᠮᠡᠯ ᠨᠡᠮᠡᠯᠲᠡ ᠡᠳ᠋ ᠪᠣᠯᠭᠠᠨ ᠢᠳᠡᠭᠦᠯᠬᠦ ᠵᠡᠷᠭᠡ ᠠᠷᠭ᠎ᠠ ᠪᠠᠷ ᠴᠠᠶᠢᠷ ᠢ ᠨᠥᠬᠦᠪᠦᠷᠢᠯᠡᠵᠦ ᠪᠣᠯᠣᠨ᠎ᠠ᠃      5. ᠮᠠᠩᠭᠠᠨ     ᠬᠤᠨᠢ ᠮᠠᠩᠭᠠᠨ ᠲᠤᠳᠠᠬᠤ ᠦᠶ᠎ᠡ ᠳᠤ ᠡᠮ᠎ᠡ ᠬᠤᠨᠢᠨ ᠤ ᠣᠷᠤᠭ᠎ᠠ ᠨᠢ ᠮᠡᠳᠡᠭᠳᠡᠮ᠎ᠡ ᠪᠢᠰᠢ ᠮᠥᠷᠲᠡᠭᠡᠨ ᠠᠮᠠᠷᠬᠠᠨ ᠬᠡᠭᠡᠯᠢ ᠬᠠᠶᠠᠨ᠎ᠠ︔ ᠬᠤᠴᠠ ᠦᠷ᠎ᠡ ᠶᠢᠨ ᠡᠭᠦᠰᠦᠯ ᠬᠡᠪ ᠤᠨ ᠪᠤᠰᠤ ᠪᠣᠯᠳᠠᠭ᠃      6. ᠢᠣᠳ᠋      ᠢᠣᠳ᠋ ᠳᠤᠲᠠᠭᠳᠠᠪᠠᠯ ᠬᠤᠨᠢᠨ ᠤ ᠦᠨᠳᠦᠰᠦᠨ ᠰᠣᠯᠢᠯᠴᠠᠭ᠎ᠠ ᠶᠢ ᠪᠠᠭᠤᠷᠠᠭᠤᠯᠵᠤ᠂ ᠠᠷᠠᠰᠤ ᠨᠢ ᠬᠠᠭᠤᠷᠠᠶᠢᠰᠢᠵᠤ᠂ ᠦᠰᠦ ᠨᠢ ᠬᠡᠦᠷᠰᠢᠭᠡᠳ ᠤᠨᠠᠵᠤ᠂ ᠪᠡᠶ᠎ᠡ ᠶᠢᠨ ᠬᠦᠨᠳᠦ ᠨᠢ ᠪᠠᠭᠤᠷᠠᠵᠤ᠂ ᠬᠤᠴᠠᠨ ᠤ ᠦᠷ᠎ᠡ ᠶᠢᠨ ᠰᠢᠩᠭᠡᠨ ᠤ ᠴᠢᠨᠠᠷ ᠮᠠᠭᠤ ᠪᠣᠯᠬᠤ ᠵᠡᠷᠭᠡ ᠪᠣᠯᠣᠨ᠎ᠠ᠃ ᠢᠣᠳ᠋ ᠳᠤᠲᠠᠭᠳᠠᠬᠤ ᠦᠶ᠎ᠡ ᠳᠤ ᠢᠣᠳ᠋ᠲᠤ ᠺᠠᠯᠢ ᠂ ᠢᠣᠳ᠋ᠲᠤ ᠺᠠᠯᠼ ᠪᠤᠶᠤ ᠢᠣᠳ᠋ᠲᠤ ᠢᠳᠡᠰᠢᠨ ᠳᠠᠪᠤᠰᠤ ᠪᠠᠷ ᠨᠥᠬᠦᠵᠦ ᠲᠡᠵᠢᠭᠡᠨ᠎ᠡ᠃      
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ