ᠬᠥᠮᠥᠨ ᠮᠠᠯ ᠳᠤ ᠬᠠᠮᠲᠤ ᠪᠠᠷ ᠬᠠᠯᠳᠠᠪᠤᠷᠢᠯᠠᠬᠤ ᠡᠪᠡᠳᠴᠢᠨ ᠤ ᠲᠤᠬᠠᠢ
ᠨᠡᠶᠢᠲᠡᠯᠡᠭᠰᠡᠨ ᠴᠠᠭ᠄
2023/6/27
      ᠬᠥᠮᠥᠨ ᠮᠠᠯ ᠳᠤ ᠬᠠᠮᠲᠤ ᠪᠠᠷ ᠬᠠᠯᠳᠠᠪᠤᠷᠢᠯᠠᠬᠤ ᠡᠪᠡᠳᠴᠢᠨ ᠭᠡᠳᠡᠭ ᠨᠢ ᠰᠡᠭᠡᠷᠲᠡᠨ ᠪᠠ ᠬᠥᠮᠥᠨ ᠲᠥᠷᠥᠯᠬᠢᠲᠡᠨ ᠤ ᠬᠤᠭᠤᠷᠣᠨᠳᠤ ᠠᠶᠠᠨᠳᠠᠭᠠᠨ ᠳᠠᠮᠵᠢᠨ ᠳᠡᠯᠭᠡᠷᠡᠳᠡᠭ ᠡᠪᠡᠳᠴᠢᠨ ᠬᠢᠵᠢᠭ ᠤᠨ ᠬᠠᠯᠳᠠᠪᠤᠷᠢᠯᠠᠯ ᠢ ᠬᠡᠯᠡᠵᠦ ᠪᠠᠶᠢᠨ᠎ᠠ᠃ ᠣᠳᠣᠬᠠᠨ ᠳᠤ ᠮᠡᠳᠡᠵᠤ ᠪᠠᠶᠢᠭ᠎ᠠ 200 ᠭᠠᠷᠤᠢ ᠵᠦᠢᠯ ᠤᠨ ᠠᠮᠢᠳᠠᠨ ᠤ ᠬᠠᠯᠳᠠᠪᠤᠷᠢᠳᠤ ᠡᠪᠡᠳᠴᠢᠨ ᠪᠠ 100 ᠭᠠᠷᠤᠢ ᠵᠦᠢᠯ ᠤᠨ ᠮᠥᠯᠵᠢᠭᠦᠷ ᠬᠤᠷᠣᠬᠠᠢ ᠶᠢᠨ ᠡᠪᠡᠳᠴᠢᠨ ᠠᠴᠠ ᠪᠠᠭ᠎ᠠ ᠳᠠᠭᠠᠨ 190 ᠭᠠᠷᠤᠢ ᠵᠦᠢᠯ ᠨᠢ ᠬᠥᠮᠥᠨ ᠳᠤ ᠬᠠᠯᠳᠠᠪᠤᠷᠢᠯᠠᠵᠤ ᠪᠠᠶᠢᠳᠠᠭ᠃      ︵ᠨᠢᠭᠡ︶ ᠬᠥᠮᠥᠨ ᠮᠠᠯ ᠬᠠᠮᠲᠤ ᠬᠠᠯᠳᠠᠪᠤᠷᠢᠯᠠᠬᠤ ᠡᠪᠡᠳᠴᠢᠨ ᠤ ᠲᠥᠷᠥᠯ ᠬᠡᠯᠪᠡᠷᠢ ᠡᠪᠡᠳᠴᠢᠨ ᠤ ᠳᠡᠯᠭᠡᠷᠡᠬᠦ ᠵᠦᠢ ᠶᠢᠨ ᠦᠵᠡᠯᠲᠡ ᠶᠢ ᠦᠨᠳᠦᠰᠦᠯᠡᠪᠡᠯ ᠬᠥᠮᠥᠨ ᠮᠠᠯ ᠬᠠᠮᠲᠤ ᠬᠠᠯᠳᠠᠪᠤᠷᠢᠯᠠᠬᠤ ᠡᠪᠡᠳᠴᠢᠨ ᠢ ᠡᠪᠡᠳᠴᠢᠯᠡᠭᠦᠯᠦᠭᠴᠢ ᠶᠢᠨ ᠠᠮᠢᠳᠤᠷᠠᠯ ᠤᠨ ᠲᠡᠦᠬᠡ ᠶᠢᠨ ᠲᠥᠷᠥᠯ ᠬᠡᠯᠪᠡᠷᠢ ᠪᠠᠷ ᠨᠢ ᠳᠣᠣᠷᠠᠬᠢ ᠮᠡᠲᠦ ᠬᠤᠪᠢᠶᠠᠨ᠎ᠠ᠃      ⒈ ᠰᠢᠭᠤᠳ ᠬᠠᠯᠳᠠᠪᠤᠷᠢᠯᠠᠬᠤ ᠴᠢᠨᠠᠷ ᠲᠠᠢ ᠬᠠᠯᠳᠠᠪᠤᠷᠢᠳᠤ ᠡᠪᠡᠳᠴᠢᠨ     ᠰᠢᠭᠤᠳ ᠬᠠᠯᠳᠠᠪᠤᠷᠢᠯᠠᠬᠤ ᠴᠢᠨᠠᠷ ᠪᠦᠬᠦᠢ ᠬᠠᠮᠲᠤ ᠬᠠᠯᠳᠠᠪᠤᠷᠢᠯᠠᠬᠤ ᠡᠪᠡᠳᠴᠢᠨ ᠪᠣᠯ ᠡᠪᠡᠳᠴᠢᠯᠡᠭᠦᠯᠦᠭᠴᠢ ᠨᠢ ᠰᠡᠭᠡᠷᠲᠡᠨ ᠪᠠ ᠬᠥᠮᠥᠨ ᠲᠥᠷᠥᠯᠬᠢᠲᠡᠨ ᠤ ᠬᠤᠭᠤᠷᠣᠨᠳᠤ ᠰᠢᠭᠤᠳ ᠬᠦᠷᠦᠯᠴᠡᠬᠦ ᠪᠤᠶᠤ ᠵᠠᠭᠤᠴᠢ ᠠᠮᠢᠳᠠᠨ᠂ ᠪᠣᠬᠢᠷᠲᠤᠭᠰᠠᠨ ᠪᠣᠳᠠᠰ ᠢᠶᠠᠷ ᠳᠠᠮᠵᠢᠨ ᠳᠡᠯᠭᠡᠷᠡᠬᠦ ᠡᠪᠡᠳᠴᠢᠨ ᠢ ᠬᠡᠯᠡᠵᠦ ᠪᠠᠶᠢᠨ᠎ᠠ᠃ ᠵᠢᠱᠢᠶᠡᠯᠡᠪᠡᠯ ᠭᠠᠯᠵᠠᠭᠤ ᠡᠪᠡᠳᠴᠢᠨ᠂ ᠱᠦᠯᠬᠦᠭᠡ᠂ ᠪᠷᠦ᠋ᠽᠧᠯ ᠡᠪᠡᠳᠴᠢᠨ᠂ ᠰᠦᠷᠢᠶ᠎ᠡ ᠡᠪᠡᠳᠴᠢᠨ᠂ ᠪᠣᠭᠤᠮ᠎ᠠ᠂ ᠶᠠᠮ᠎ᠠ ᠵᠡᠷᠭᠡ ᠪᠠᠶᠢᠳᠠᠭ᠃      ⒉ ᠡᠭᠡᠯᠵᠢᠯᠡᠨ ᠳᠡᠯᠭᠡᠷᠡᠬᠦ ᠬᠠᠯᠳᠠᠪᠤᠷᠢᠳᠤ ᠡᠪᠡᠳᠴᠢᠨ ᠬᠠᠮᠲᠤ ᠬᠠᠯᠳᠠᠪᠤᠷᠢᠯᠠᠬᠤ ᠡᠷᠭᠢᠯᠲᠡ ᠲᠠᠢ ᠳᠡᠯᠭᠡᠷᠡᠬᠦ ᠡᠪᠡᠳᠴᠢᠨ ᠪᠣᠯ ᠡᠪᠡᠳᠴᠢᠯᠡᠭᠦᠯᠦᠭᠴᠢ ᠨᠢ ᠠᠮᠢᠳᠤᠷᠠᠯ ᠤᠨ ᠲᠡᠦᠬᠡ ᠪᠠᠨ ᠪᠡᠶᠡᠯᠡᠭᠦᠯᠬᠦ ᠶᠢᠨ ᠲᠥᠯᠥᠭᠡ ᠨᠢᠭᠡ ᠵᠦᠢᠯ ᠠᠴᠠ ᠳᠡᠭᠡᠭᠰᠢᠬᠢ ᠰᠡᠭᠡᠷᠲᠡᠨ ᠣᠷᠣᠰᠢᠭᠴᠢ ᠠᠮᠢᠳᠠᠨ ᠢ ᠬᠡᠷᠡᠭᠰᠡᠨ᠎ᠡ᠃ ᠭᠡᠪᠡᠴᠦ ᠰᠡᠭᠡᠷ ᠦᠭᠡᠶᠢᠳᠡᠨ ᠣᠷᠣᠰᠢᠭᠴᠢ ᠶᠢᠨ ᠣᠷᠤᠯᠴᠠᠯᠭ᠎ᠠ ᠶᠢ ᠬᠡᠷᠡᠭᠰᠡᠬᠦ ᠦᠭᠡᠢ᠃ ᠵᠢᠱᠢᠶᠡᠯᠡᠪᠡᠯ᠄ ᠮᠥᠯᠵᠢᠭᠦᠷ ᠬᠤᠷᠣᠬᠠᠢ ᠶᠢᠨ ᠡᠪᠡᠳᠴᠢᠨ ᠨᠢ ᠡᠶᠢᠮᠦ ᠪᠠᠶᠢᠳᠠᠭ᠃     ⒊ ᠵᠠᠭᠤᠴᠢ ᠪᠠᠷ ᠳᠠᠮᠵᠢᠨ ᠳᠡᠯᠭᠡᠷᠡᠬᠦ ᠴᠢᠨᠠᠷᠲᠠᠢ ᠬᠠᠯᠳᠠᠪᠤᠷᠢᠳᠤ ᠡᠪᠡᠳᠴᠢᠨ ᠵᠠᠭᠤᠴᠢ ᠪᠠᠷ ᠳᠠᠮᠵᠢᠨ ᠳᠡᠯᠭᠡᠷᠡᠬᠦ ᠴᠢᠨᠠᠷ ᠲᠠᠢ ᠬᠠᠮᠲᠤ ᠬᠠᠯᠳᠠᠪᠤᠷᠢᠯᠠᠬᠤ ᠡᠪᠡᠳᠴᠢᠨ ᠪᠣᠯ ᠡᠪᠡᠳᠴᠢᠯᠡᠭᠦᠯᠦᠭᠴᠢ ᠶᠢᠨ ᠬᠢᠨᠢ ᠠᠮᠢᠳᠤᠷᠠᠯ ᠤᠨ ᠲᠡᠦᠬᠡ ᠨᠢ ᠰᠡᠭᠡᠷ ᠦᠭᠡᠶᠢᠳᠡᠨ ᠪᠠ ᠰᠡᠭᠡᠷᠲᠡᠨ ᠤ ᠣᠷᠤᠯᠴᠠᠬᠤ ᠶᠢ ᠬᠡᠷᠡᠭᠰᠡᠨ᠎ᠡ᠃ ᠰᠡᠭᠡᠷ ᠦᠭᠡᠶᠢᠳᠡᠨ ᠤ ᠪᠡᠶ᠎ᠡ ᠳᠤ ᠦᠷᠡᠵᠢᠭᠡᠳ ᠵᠣᠬᠢᠬᠤ ᠪᠤᠶᠢᠵᠢᠯᠳᠠ ᠪᠠᠨ ᠪᠡᠶᠡᠯᠡᠭᠦᠯᠵᠦ ᠨᠢᠭᠡ ᠬᠤᠭᠤᠴᠠᠭᠠᠨ ᠤ ᠳᠠᠯᠳᠠ ᠱᠠᠲᠤ ᠦᠶ᠎ᠡ ᠶᠢ ᠥᠩᠭᠡᠷᠡᠭᠦᠯᠦᠭᠡᠳ ᠰᠠᠶ᠋ᠢ ᠥᠭᠡᠷ᠎ᠡ ᠨᠢᠭᠡ ᠰᠡᠭᠡᠷᠲᠡᠨ ᠤ ᠣᠷᠣᠰᠢᠭᠴᠢ ᠪᠡᠶ᠎ᠡ ᠳᠤ ᠳᠠᠮᠵᠢᠨ ᠣᠷᠣᠨ᠎ᠠ᠃ ᠡᠭᠦᠨ ᠳᠤ ᠣᠯᠠᠩᠬᠢ ᠬᠤᠷᠣᠬᠠᠢ ᠵᠠᠭᠤᠴᠢᠲᠤ ᠸᠢᠷᠦ᠋ᠰ ᠤᠨ ᠬᠠᠯᠳᠠᠪᠤᠷᠢᠯᠠᠯ ᠪᠠᠭᠲᠠᠨ᠎ᠠ᠃ ᠵᠢᠱᠢᠶᠡᠯᠡᠪᠡᠯ᠄ ᠶᠠᠫᠤᠨ ᠤ ᠬᠥᠬᠡᠭᠴᠢᠨ ᠬᠡᠯᠪᠡᠷᠢ ᠶᠢᠨ ᠲᠠᠷᠢᠬᠢᠨ ᠦᠷᠪᠢᠰᠦᠯ᠂ ᠬᠠᠯᠳᠠᠪᠤᠷᠢᠳᠤ ᠴᠢᠨᠠᠷ ᠲᠠᠢ ᠠᠳᠤᠭᠤᠨ ᠤ ᠲᠠᠷᠢᠬᠢ ᠨᠤᠭᠤᠰᠤᠨ ᠤ ᠦᠷᠪᠢᠰᠦᠯ ᠵᠡᠷᠭᠡ ᠪᠤᠢ᠃      ⒋ ᠢᠯᠵᠠᠷᠠᠮᠠᠯ ᠪᠣᠳᠠᠰ ᠢᠶᠠᠷ ᠳᠠᠮᠵᠢᠨ ᠳᠡᠯᠭᠡᠷᠡᠬᠦ ᠬᠠᠯᠳᠠᠪᠦᠷᠢᠳᠤ ᠡᠪᠡᠳᠴᠢᠨ ᠡᠪᠡᠳᠴᠢᠯᠡᠭᠦᠯᠦᠭᠴᠢ ᠶᠢᠨ ᠬᠢᠨᠢ ᠠᠮᠢᠳᠤᠷᠠᠯ ᠤᠨ ᠲᠡᠦᠬᠡ ᠨᠢ ᠨᠢᠭᠡ ᠵᠦᠢᠯ ᠤᠨ ᠰᠡᠭᠡᠷᠲᠡᠨ ᠣᠷᠣᠰᠢᠭᠴᠢ ᠪᠠ ᠨᠢᠭᠡ ᠵᠦᠢᠯ ᠤᠨ ᠠᠮᠢᠳᠤ ᠪᠣᠳᠠᠰ ᠤᠨ ᠪᠤᠰᠤ ᠥᠰᠴᠦ ᠥᠷᠡᠵᠢᠬᠦ ᠭᠠᠵᠠᠷ ᠪᠤᠶᠤ ᠬᠠᠳᠠᠭᠠᠯᠠᠭᠳᠠᠬᠤ ᠭᠠᠵᠠᠷ ᠬᠡᠷᠡᠭᠰᠡᠨ᠎ᠡ᠃ ᠵᠢᠱᠢᠶᠡᠯᠡᠪᠡᠯ ᠂ ᠬᠥᠷᠥᠰᠥ ᠰᠢᠷᠣᠢ᠂ ᠪᠤᠵᠠᠷ ᠤᠰᠤ᠂ ᠪᠣᠷᠳᠤᠭ᠎ᠠ᠂ ᠢᠳᠡᠭᠡᠨ᠂ ᠤᠷᠭᠤᠮᠠᠯ ᠵᠡᠷᠭᠡ ᠪᠠᠶᠢᠳᠠᠭ᠃ ᠡᠪᠡᠳᠴᠢᠨ ᠤ ᠵᠢᠱᠢᠶ᠎ᠡ ᠨᠢ ᠭᠡᠪᠡᠯ ᠮᠢᠬᠠᠨ ᠬᠤᠣᠷᠳᠠᠯᠭ᠎ᠠ ᠶᠢᠨ ᠤᠷᠬᠢᠨᠴᠠᠷ ᠪᠠᠺᠲ᠋ᠧᠷᠢ ᠳᠤ ᠬᠤᠣᠷᠳᠠᠭᠳᠠᠬᠤ ᠵᠡᠷᠭᠡ ᠪᠣᠯᠣᠨ᠎ᠠ᠃     ︵ᠬᠤᠶᠠᠷ︶ ᠬᠥᠮᠥᠨ ᠮᠠᠯ ᠬᠠᠮᠲᠤ ᠬᠠᠯᠳᠠᠪᠤᠷᠢᠯᠠᠬᠤ ᠡᠪᠡᠳᠴᠢᠨ ᠤ ᠣᠨᠴᠠᠯᠢᠭ     ⒈ ᠬᠥᠮᠥᠨ ᠮᠠᠯ ᠳᠤ ᠬᠠᠮᠲᠤ ᠬᠠᠯᠳᠠᠪᠤᠷᠢᠯᠠᠬᠤ ᠮᠠᠰᠢ ᠤᠯᠠᠨ ᠡᠪᠡᠳᠴᠢᠨ ᠨᠢ ᠮᠠᠯ ᠰᠥᠷᠥᠭ ᠢ ᠬᠦᠨᠳᠦ ᠨᠣᠴᠢᠲᠠᠢ ᠬᠤᠬᠢᠷᠠᠭᠤᠯᠬᠤ ᠡᠪᠡᠳᠴᠢᠨ ᠬᠢᠵᠢᠭ ᠮᠥᠷᠲᠡᠭᠡᠨ ᠬᠥᠮᠥᠨ ᠲᠥᠷᠥᠯᠬᠢᠲᠡᠨ ᠤ ᠲᠤᠭᠰᠢᠨ ᠴᠢᠨᠠᠷᠲᠠᠢ ᠬᠠᠯᠳᠠᠪᠤᠷᠢᠳᠤ ᠡᠪᠡᠳᠴᠢᠨ ᠪᠤᠯᠬᠤ ᠶᠤᠮ᠃ ᠲᠡᠷᠡ ᠨᠢ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠳᠤ ᠬᠦᠨᠳᠦ ᠰᠦᠷᠡᠬᠡᠢ ᠰᠦᠷᠳᠡᠭᠦᠯᠦᠯ ᠪᠤᠯᠳᠠᠭ᠃ ᠵᠢᠱᠢᠶᠡᠯᠡᠪᠡᠯ᠂ ᠪᠣᠭᠤᠮ᠎ᠠ᠂ ᠭᠠᠯᠵᠠᠭᠤ᠂ ᠰᠦᠷᠢᠶ᠎ᠡ ᠵᠡᠷᠭᠡ᠃     ⒉ ᠲᠡᠳᠡᠭᠡᠷ ᠤᠨ ᠡᠪᠡᠳᠴᠢᠯᠡᠭᠦᠯᠦᠭᠴᠢ ᠶᠢᠨ ᠣᠷᠣᠰᠢᠭᠴᠢ ᠶᠢᠨ ᠲᠠᠷᠬᠠᠴᠠ ᠨᠢ ᠮᠠᠰᠢ ᠥᠷᠭᠡᠨ ᠪᠠᠶᠢᠳᠠᠭ᠃ ᠲᠤᠷᠰᠢᠯᠲᠠ ᠶᠢᠨ ᠨᠥᠬᠦᠴᠡᠯ ᠳᠣᠣᠷ᠎ᠠ ᠲᠥᠷᠥᠯ ᠬᠤᠪᠢᠶᠠᠷᠢᠯᠠᠯᠲᠠ ᠶᠢᠨ ᠰᠢᠰᠲ᠋ᠧᠮ ᠤᠨ ᠲᠠᠯ᠎ᠠ ᠪᠠᠷ ᠪᠦᠷ ᠮᠠᠰᠢ ᠤᠯᠠᠨ ᠵᠦᠢᠯ ᠤᠨ ᠬᠠᠯᠳᠠᠪᠤᠷᠢᠳᠤ ᠡᠪᠡᠳᠴᠢᠨ ᠬᠠᠯᠳᠠᠪᠤᠷᠢᠯᠠᠭᠤᠯᠤᠨ᠎ᠠ᠃     ⒊ ᠮᠠᠰᠢ ᠤᠯᠠᠨ ᠬᠥᠮᠥᠨ ᠮᠠᠯ ᠳᠤ ᠬᠠᠮᠲᠤ ᠬᠠᠯᠳᠠᠪᠤᠷᠢᠯᠠᠬᠤ ᠡᠪᠡᠳᠴᠢᠨ ᠨᠢ ᠪᠦᠷ ᠠᠵᠢᠯ ᠲᠥᠷᠥᠯ ᠤᠨ ᠡᠪᠡᠳᠴᠢᠨ ᠪᠣᠯᠣᠨ᠎ᠠ᠃ ᠵᠢᠱᠢᠶᠡᠯᠡᠪᠡᠯ ᠪᠣᠭᠤᠮ᠎ᠠ ᠨᠢ ᠨᠡᠬᠡᠮᠡᠯ ᠤᠨ ᠠᠵᠢᠯᠴᠢᠨ ᠳᠤ ᠤᠯᠠᠨ ᠬᠠᠯᠳᠠᠪᠤᠷᠢᠯᠠᠨ᠎ᠠ᠃     ⒋ ᠮᠠᠰᠢ ᠤᠯᠠᠨ ᠬᠥᠮᠥᠨ ᠮᠠᠯ ᠬᠠᠮᠲᠤ ᠬᠠᠯᠳᠠᠪᠤᠷᠢᠯᠠᠬᠤ ᠡᠪᠡᠳᠴᠢᠨ ᠨᠢ ᠪᠦᠷ ᠢᠳᠡᠭᠡᠨ ᠠᠴᠠ ᠡᠭᠦᠰᠦᠯ ᠲᠠᠢ ᠡᠪᠡᠳᠴᠢᠨ ᠪᠣᠯᠣᠨ᠎ᠠ᠃ ᠵᠢᠱᠢᠶᠡᠯᠡᠪᠡᠯ ᠭᠠᠭ᠋ᠠᠢ ᠶᠢᠨ ᠮᠢᠬᠠᠨ ᠤ ᠤᠳᠤ ᠵᠡᠷᠭᠡ ᠪᠣᠯᠣᠨ᠎ᠠ᠃     ⒌ ᠬᠥᠮᠥᠨ ᠮᠠᠯ ᠬᠠᠮᠲᠤ ᠬᠠᠯᠳᠠᠪᠤᠷᠢᠯᠠᠬᠤ ᠡᠪᠡᠳᠴᠢᠨ ᠪᠣᠯ ᠬᠥᠮᠥᠨ ᠲᠥᠷᠥᠯᠬᠢᠲᠡᠨ ᠤ ᠬᠠᠯᠳᠠᠪᠤᠷᠢᠳᠤ ᠡᠪᠡᠳᠴᠢᠨ ᠤ ᠰᠤᠳᠤᠯᠤᠯᠲᠠ ᠳᠤ ᠮᠠᠰᠢ ᠰᠠᠶᠢᠨ ᠠᠮᠢᠳᠤ ᠪᠣᠳᠠᠰ ᠤᠨ ᠮᠣᠲᠧᠯ ᠪᠣᠯᠵᠤ ᠪᠠᠶᠢᠨ᠎ᠠ᠃     ︽ᠮᠠᠯ ᠤᠨ ᠬᠠᠯᠳᠠᠪᠤᠷᠢᠳᠤ ᠡᠪᠡᠳᠴᠢᠨ ᠤ ᠤᠬᠠᠭᠠᠨ︾ ᠭᠡᠬᠦ ᠨᠣᠮ ᠠᠴᠠ ᠪᠠᠭᠤᠯᠭᠠᠪᠠ  
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ