ᠰᠢᠶᠠᠩ ᠤᠨ ᠵᠠᠮ ᠤᠨ Y303 ᠱᠤᠭᠤᠮ ᠤᠨ G110 ᠤᠯᠤᠰ ᠤᠨ ᠵᠠᠮ ᠠᠴᠠ ᠰᠦ᠋ ᠳ᠋ᠡ ᠭᠧ ᠳ᠋ᠠᠨ ᠬᠦᠷᠬᠦ ᠬᠡᠰᠡᠭ ᠤᠨ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠢᠨᠵᠧᠨᠧᠷᠢᠩ ᠤᠨ ᠤᠷᠤᠭᠰᠢᠲᠠᠶ ᠪᠥᠭᠡᠳ ᠠᠮᠤᠷ ᠲᠦᠪᠰᠢᠨ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠤᠨ 29 ᠳ᠋ᠦ᠋ᠭᠡᠷ ᠵᠦᠢᠯ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠤᠨ 35 ᠳ᠋ᠤᠭᠠᠷ ᠵᠦᠢᠯ᠂ ︽ | ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠲᠦᠷᠢᠮ︾ ᠤᠨ 51 ᠳ᠋ᠦ᠋ᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠪᠠᠷᠢᠯᠭ᠎ᠠ ᠶᠢᠨ ᠬᠤᠭᠤᠴᠠᠭᠠᠨ ᠳᠤ | ᠪᠥᠬᠦ ᠱᠤᠭᠤᠮ ᠤᠨ ᠵᠠᠮ ᠢ ᠪᠢᠲᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠦᠨ᠎ᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠶ᠎ᠠ᠄ | ᠨᠢᠭᠡ᠂ ᠪᠢᠲᠡᠭᠦᠮᠵᠢᠯᠡᠬᠦ ᠬᠡᠪᠴᠢᠶ᠎ᠡ᠄ Y303 ᠵᠠᠰᠠᠮᠠᠯ ᠵᠠᠮ ᠤᠨ K33 + 532 — K47 + 595 ︵G 110 ᠤᠯᠤᠰ ᠤᠨ ᠵᠠᠮ ᠠᠴᠠ ᠰᠦ᠋ ᠳ᠋ᠡ | ᠭᠧ ᠳ᠋ᠠᠨ ᠬᠦᠷᠬᠦ ᠬᠡᠰᠡᠭ︶ | ᠬᠤᠶᠠᠷ᠂ ᠪᠢᠲᠡᠭᠦᠮᠵᠢᠯᠡᠨ ᠪᠠᠷᠢᠯᠭ᠎ᠠ ᠪᠠᠷᠢᠬᠤ ᠴᠠᠭ᠄ 2023 ᠣᠨ ᠤ 6 ᠰᠠᠷ᠎ᠠ ᠶᠢᠨ 28 ᠤ ᠡᠳᠦᠷ ᠠᠴᠠ 2023 ᠣᠨ ᠤ 7 ᠰᠠᠷ᠎ᠠ ᠶᠢᠨ 28 ᠤ ᠡᠳᠦᠷ | ᠪᠣᠯᠲᠠᠯ᠎ᠠ ︵ᠬᠡᠷᠪᠡ ᠲᠣᠰ ᠴᠠᠭ ᠬᠤᠭᠤᠴᠠᠭᠠᠨ ᠳᠤ ᠪᠠᠷᠢᠯᠭ᠎ᠠ ᠳᠠᠭᠤᠰᠤᠭᠠᠳᠤᠶ ᠪᠠᠶᠢᠪᠠᠯ᠂ ᠪᠢᠲᠡᠭᠦᠮᠵᠢᠯᠡᠬᠦ ᠴᠠᠭ ᠢ ᠪᠠᠷᠢᠯᠭ᠎ᠠ ᠳᠠᠭᠤᠰᠬᠤ ᠡᠳᠦᠷ ᠪᠣᠯᠲᠠᠯ᠎ᠠ | ᠬᠤᠶᠢᠰᠢᠯᠠᠭᠤᠯᠤᠨ᠎ᠠ︶᠃ | ᠭᠤᠷᠪᠠ᠂ ᠨᠠᠰᠢ ᠴᠠᠰᠢ ᠥᠩᠭᠡᠷᠡᠬᠦ ᠲᠡᠷᠭᠡ ᠵᠠᠮᠴᠢᠯᠠᠬᠤ ᠵᠢᠷᠤᠭ ᠢᠶᠠᠷ ᠬᠤᠷᠳᠤᠴᠠ ᠪᠠᠨ ᠪᠠᠭᠠᠰᠬᠠᠵᠤ ᠠᠭᠠᠵᠢᠮ ᠶᠠᠪᠤᠭᠠᠷᠠᠶ᠂ ᠠᠮᠤᠷ ᠲᠦᠪᠰᠢᠨ ᠢ ᠠᠩᠬᠠᠷᠴᠤ᠂ | ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠵᠠᠮ ᠬᠠᠷᠢᠯᠴᠠᠭᠠᠨ ᠤ ᠲᠡᠮᠳᠡᠭ ᠤᠨ ᠵᠢᠭᠠᠯᠲᠠ ᠶᠢᠨ | ᠮᠡᠳᠡᠭᠡ ᠵᠠᠩᠭᠢ ᠪᠠᠷ ᠨᠡᠪᠲᠡᠷᠡᠬᠦ ᠶᠢᠨ ᠬᠠᠮᠲᠤ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠠᠵᠢᠯᠲᠠᠨ ᠤ ᠵᠢᠯᠣᠭᠤᠳᠣᠯᠭ᠎ᠠ ᠶᠢ ᠳᠠᠭᠠᠬᠤ ᠬᠡᠷᠡᠭᠲᠡᠶ᠃ | ᠳᠦᠷᠪᠡ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠠᠬᠢ ᠳᠥᠭᠦᠮ ᠦᠬᠡᠢ ᠪᠣᠯᠣᠭᠰᠠᠨ ᠳᠤ ᠣᠶᠢᠯᠠᠭᠠᠨ ᠠᠭᠤᠴᠢᠯᠠᠬᠤ ᠪᠤᠯᠪᠠᠣ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | ᠤᠷᠠᠳ ᠤᠨ ᠡᠮᠦᠨᠡᠲᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | 2023 ᠣᠨ ᠤ 6 ᠰᠠᠷ᠎ᠠ ᠶᠢᠨ 27 ᠤ ᠡᠳᠦᠷ |