ᠮᠠᠨ ᠤ ᠬᠤᠰᠢᠭᠤᠨ ᠤ ᠦᠨᠳᠦᠰᠦᠲᠡᠨ ᠤ ᠨᠡᠶᠢᠭᠡᠮ ᠲᠣᠭᠤᠷᠢᠭ ︽  ᠨᠠᠮ ᠤᠨ ᠠᠴᠢ ᠳᠤ ᠲᠠᠯᠠᠷᠬᠠᠨ ᠰᠢᠨ᠎ᠡ ᠨᠠᠶᠠᠨ ᠵᠠᠮ ᠳᠠᠭᠠᠨ ᠡᠷᠡᠯᠭᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠬᠥᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2023/6/30
       6 ᠰᠠᠷ᠎ᠠ ᠶᠢᠨ 27 ᠤ ᠡᠳᠦᠷ᠂ ᠮᠠᠨ ᠤ ᠰᠣᠰᠠᠭᠤᠨ ᠤ ᠦᠨᠳᠦᠰᠦᠲᠡᠨ ᠤ ᠨᠡᠶᠢᠭᠡᠮ ᠲᠣᠭᠤᠷᠢᠭ ᠤᠨ ᠬᠢᠨ ᠬᠤᠯᠪᠣᠭᠠᠯᠠᠨ ᠪᠠᠶᠢᠭᠤᠯᠬᠤ ᠨᠢᠭᠡᠴᠡ ᠤᠳ ᠲᠠᠢ ᠬᠠᠮᠲᠤᠷᠠᠨ《 ᠨᠠᠮ ᠤᠨ ᠠᠴᠢ ᠳᠤ ᠲᠠᠯᠠᠷᠬᠠᠨ ᠰᠢᠨ᠎ᠡ ᠠᠶᠠᠨ ᠵᠠᠮ ᠳᠠᠭᠠᠨ ᠡᠷᠡᠯᠭᠡᠭᠯᠡᠨ  ᠤᠷᠤᠭᠰᠢᠯᠠᠶ᠎ᠠ》ᠭᠡᠬᠦ ᠭᠤᠣᠯ ᠰᠡᠳᠦᠪᠲᠦ ᠬᠥᠳᠡᠯᠭᠡᠭᠡᠨ  ᠦᠷᠨᠢᠭᠦᠯᠦᠭᠰᠡᠨ ᠪᠠᠶᠢᠨ᠎ᠠ᠃       ᠳᠣᠯᠣᠭᠠᠨ ᠰᠠᠷ᠎ᠠ ᠶᠢᠨ ᠨᠢᠭᠡᠨ ᠬᠦᠷᠴᠦ ᠢᠷᠡᠬᠦ ᠲᠠᠰᠢᠷᠠᠮ ᠢᠶᠠᠷ᠂ ᠮᠠᠨ ᠤ ᠬᠤᠰᠢᠭᠤᠨ ᠤ ᠦᠨᠳᠦᠰᠦᠲᠡᠨ ᠤ ᠨᠡᠶᠢᠭᠡᠮ ᠲᠣᠭᠤᠷᠢᠭ ᠨᠠᠮ ᠪᠠᠶᠢᠭᠤᠯᠤᠭᠳᠠᠭᠰᠠᠨ102 ᠵᠢᠯ ᠤᠨ ᠣᠢ ᠶᠢ ᠪᠠᠶᠠᠷᠯᠠᠨ  ᠪᠡᠯᠭᠡᠯᠡᠵᠦ᠂ ᠨᠠᠮ ᠤᠨ  ᠬᠤᠷᠢᠳᠤᠭᠠᠷ ᠶᠡᠭᠡ ᠬᠤᠷᠠᠯ ᠤᠨ  ᠵᠣᠷᠢᠭ ᠰᠠᠨᠠᠭ᠎ᠠ ᠶᠢ  ᠭᠦᠨᠵᠡᠭᠡᠢ ᠲᠣᠭᠤᠰᠢᠯᠠᠭᠤᠯᠤᠨ᠂ ᠨᠠᠮ ᠤᠨ ᠭᠡᠷᠡᠯ ᠰᠠᠴᠤᠷᠠᠩᠭᠤᠢ ᠥᠩᠭᠡᠷᠡᠯᠲᠡ ᠶᠢ ᠳᠤᠷᠠᠰᠬᠠᠨ ᠡᠷᠭᠢᠴᠡᠭᠦᠯᠵᠦ᠂ ᠨᠠᠮ ᠤᠨ ᠭᠠᠪᠢᠶ᠎ᠠ ᠵᠢᠳᠭᠦᠯ ᠢ ᠮᠠᠭᠲᠠᠨ ᠳᠠᠭᠤᠯᠠᠵᠤ᠂ ᠦᠷᠭᠡᠨ ᠣᠯᠠᠨ ᠨᠠᠮ ᠤᠨ  ᠭᠡᠰᠢᠭᠦᠨ᠂ ᠣᠯᠠᠨ ᠲᠦᠮᠡᠨ ᠢ ᠤᠷᠢᠶᠠᠯᠠᠨ᠂ ᠨᠠᠮ ᠢᠶᠠᠨ  ᠮᠠᠭᠲᠠᠨ ᠳᠠᠭᠤᠯᠠᠵᠤ᠂ ᠨᠠᠮ ᠳᠠᠭᠠᠨ ᠬᠠᠶᠢᠷ᠎ᠠ ᠲᠠᠢ ᠪᠠᠶᠢᠬᠤ ᠰᠡᠳᠭᠢᠯᠭᠡ  ᠶᠢ ᠢᠯᠡᠳᠭᠡᠬᠦ ᠶᠢᠨ ᠲᠦᠯᠦᠭᠡ ᠲᠤᠰ ᠤᠳᠠᠭᠠᠨ ᠤ  ᠬᠦᠳᠡᠯᠭᠡᠭᠡᠨ ᠢ ᠡᠷᠭᠢᠯᠡᠨ ᠶᠠᠪᠤᠭᠳᠠᠭᠤᠯᠤᠭᠰᠠᠨ  ᠪᠠᠶᠢᠨ᠎ᠠ᠃       ᠬᠥᠳᠡᠯᠭᠡᠭᠡᠨ ᠨᠢ ᠮᠣᠩᠭᠤᠯ ᠬᠡᠦᠬᠡᠳ ᠤᠨ ᠴᠡᠴᠡᠷᠯᠢᠭ ᠤᠨ ᠳᠡᠪᠰᠢᠭᠦᠯᠦᠭᠰᠡᠨ《  ᠪᠢᠴᠢᠬᠠᠨ ᠪᠠᠶᠢᠯᠳᠤᠭᠴᠢ 》 ᠭᠡᠬᠦ ᠪᠥᠵᠢᠭ ᠤᠨ ᠳᠤᠮᠳᠠ ᠬᠥᠰᠢᠭᠡ ᠪᠠᠨ ᠰᠡᠭᠦᠵᠦ᠂ ᠳᠠᠷᠠᠭ᠎ᠠ ᠨᠢ ᠠᠯᠢᠶ᠎ᠠ ᠪᠢᠴᠢᠬᠠᠨ ᠬᠡᠦᠬᠡᠳ ᠤᠳ ᠤᠨ ᠲᠣᠠᠯᠠᠭᠰᠠᠨ《 ᠦᠨᠳᠦᠰᠦᠲᠡᠨ ᠤ ᠬᠦᠰᠡᠯ  ᠢᠶᠠᠨ ᠬᠠᠮᠲᠤ ᠪᠠᠷ  ᠲᠡᠷᠭᠡᠯᠰᠢᠭᠦᠯᠦᠶ᠎ᠡ》 ᠭᠡᠬᠦ ᠪᠥᠵᠢᠭ ᠨᠢ ᠦᠵᠡᠭᠴᠢ ᠣᠯᠠᠨ ᠤ ᠬᠠᠯᠠᠭᠤᠨ  ᠠᠯᠠᠭ᠎ᠠ ᠲᠠᠰᠢᠯᠲᠠ ᠶᠢ ᠣᠯᠵᠤ᠂ ᠰᠠᠭᠤᠭᠠᠯᠢ ᠠᠷᠠᠳ ᠤᠨ ᠨᠠᠰᠤᠲᠠᠶᠢᠴᠤᠳ ᠠᠴᠠ ᠬᠦᠷᠭᠡᠭᠰᠡᠨ《 ᠪᠤᠷᠣᠳᠤᠬᠤᠢ   ᠶᠢᠨ ᠴᠡᠴᠡᠭ》᠂《 ᠨᠠᠮ ᠤᠨ ᠬᠦᠮᠦᠵᠢᠯ》᠂《 ᠤᠷᠠᠳ ᠠᠷᠠᠳ ᠤᠨ ᠳᠠᠭᠤᠤ》ᠵᠡᠷᠭᠡ ᠲᠤᠭᠯᠠᠯᠲᠠ ᠨᠢ ᠬᠤᠷᠠᠭᠰᠠᠨ ᠣᠯᠠᠨ ᠤ ᠬᠠᠷᠠᠭ᠎ᠠ ᠰᠤᠨᠤᠷ ᠢ ᠮᠢᠯᠢᠶᠡᠵᠦ ᠰᠡᠳᠬᠢᠯ ᠢ  ᠨᠢ ᠪᠠᠶᠠᠰᠬᠠᠭᠰᠠᠨ ᠪᠠᠶᠢᠨ᠎ᠠ᠃       ᠲᠤᠰ ᠤᠳᠠᠭᠠᠨ ᠤ ᠬᠥᠳᠡᠯᠭᠡᠭᠡᠨ ᠳᠤ ᠤᠷᠠᠨ ᠰᠠᠶᠢᠬᠠᠨ ᠤ  ᠲᠣᠭᠯᠠᠯᠲᠠ ᠭᠠᠷᠭᠠᠵᠤ᠂ ᠨᠠᠮ ᠢᠶᠠᠨ ᠮᠠᠭᠲᠠᠨ ᠳᠠᠭᠤᠯᠠᠬᠤ ᠠᠴᠠ ᠭᠠᠳᠠᠨ᠎ᠠ ᠪᠠᠰᠠ《 ᠨᠠᠮ ᠪᠢᠳᠡᠨ ᠤ ᠰᠡᠳᠭᠢᠯ ᠵᠢᠷᠦᠬᠡᠨ ᠳᠤ ᠬᠤᠯᠪᠤᠭᠠᠲᠠᠢ》 ᠭᠡᠬᠦ ᠤᠷᠠᠨ ᠪᠢᠴᠢᠯᠭᠡ᠂ ᠰᠦᠢᠳᠭᠡᠯ ᠬᠤᠷᠢᠶᠠᠬᠤ ᠦᠭᠡᠢ ᠪᠠᠷ ᠰᠠᠭᠤᠭᠠᠯᠢ ᠠᠷᠠᠳ ᠤᠨ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠪᠦᠯᠬᠦᠮᠳᠡᠭᠰᠡᠨ ᠡᠶ᠎ᠡ ᠨᠠᠶᠢᠷ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠦ ᠦᠭᠭᠦᠭᠰᠡᠨ ᠪᠠᠶᠢᠨ᠎ᠠ᠃

七一3.jpg

七一4.jpg

 

qiyi5.jpg

 

qiyi6.jpg

 

qiyi 7.jpg

 

qiyi 8.jpg

 

qiyi8.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ