ᠰᠠᠭᠠᠳᠠᠭ ᠰᠤᠮᠤ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ
ᠨᠡᠶᠢᠲᠡᠯᠡᠭᠰᠡᠨ ᠴᠠᠭ᠄
2023/6/30
    6 ᠰᠠᠷ᠎ᠠ ᠶᠢᠨ 28 ᠤ ᠡᠳᠦᠷ᠂ ᠰᠠᠭᠠᠳᠠᠭ ᠰᠤᠮᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ᠂ ᠳᠡᠳ᠋ ᠫᠷᠤᠹᠧᠰᠰᠤᠷ ᠯᠢ ᠶᠠᠨ ᠵᠢᠶᠦ᠋ᠨ ᠪᠠᠭᠰᠢ ᠶᠢ ᠤᠷᠢᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠲᠤᠬᠠᠶ ᠬᠢᠴᠢᠶᠡᠯ ᠣᠷᠣᠪᠠ᠃ ᠰᠣᠮᠣᠨ ᠤ ᠤᠳᠤᠷᠢᠳᠬᠤ ᠺᠠᠳ᠋ᠷ᠂ ᠭᠠᠴᠠᠭᠠᠨ ᠤ ︽ᠬᠤᠶᠠᠷ ᠵᠥᠪᠯᠡᠯ︾᠂ ᠨᠠᠮ ᠤᠨ ᠭᠡᠰᠢᠭᠦᠨ ᠵᠡᠷᠭᠡ 40 ᠭᠠᠷᠤᠶ ᠬᠥᠮᠦᠨ ᠰᠣᠷᠣᠯᠴᠠᠭ᠎ᠠ ᠳᠤ  ᠣᠷᠣᠯᠴᠠᠵᠠᠶ᠃    ᠲᠤᠰ ᠣᠳᠠᠭᠠᠨ ᠤ ᠨᠠᠮ ᠤᠨ ᠬᠢᠴᠢᠶᠡᠯ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠠᠷ ᠭᠤᠣᠯ ᠱᠤᠭᠤᠮ ᠢᠶᠠᠨ ᠪᠣᠯᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠣᠷᠢᠵᠢᠭᠤᠯᠣᠭᠰᠠᠨ ᠲᠣᠬᠠᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠤᠳᠠᠭ᠎ᠠ ᠪᠦᠷᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠲᠠᠯ᠎ᠠ ᠪᠠᠷ ᠲᠠᠶᠢᠯᠤᠮᠵᠢ ᠬᠢᠵᠣ᠂ ᠪᠦᠬᠦ ᠨᠠᠮ ᠤᠨ ᠭᠡᠰᠢᠭᠦᠨ ᠺᠠᠳ᠋ᠷ ᠢ ᠵᠢᠯᠣᠭᠤᠳᠴᠤ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠭᠤᠣᠯ ᠠᠭᠤᠯᠭ᠎ᠠ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠭᠤᠯᠣᠭᠰᠠᠨ ᠪᠠᠶᠢᠨ᠎ᠠ᠂ ᠯᠢ ᠶᠠᠨ ᠵᠢᠶᠦ᠋ᠨ ᠪᠠᠭᠰᠢ ᠶᠢᠨ ᠲᠠᠶᠢᠯᠪᠤᠷᠢᠯᠠᠯᠲᠠ ᠨᠢ ᠨᠠᠷᠢᠨ ᠣᠨᠣᠪᠴᠢᠲᠠᠢ᠂ ᠣᠶᠢᠯᠠᠭᠠᠮᠵᠢᠲᠠᠶ ᠪᠠᠶᠢᠵᠣ᠂ ᠴᠦᠯᠯᠡᠷᠭᠡᠭᠵᠢᠯ ᠤᠨ ᠪᠤᠢ ᠪᠣᠯᠤᠭᠰᠠᠨ ᠰᠢᠯᠲᠠᠭᠠᠨ ᠠᠴᠠ ᠵᠠᠰᠠᠯᠲᠠ ᠶᠢᠨ ᠠᠷᠭ᠎ᠠ ᠬᠡᠮᠵᠢᠶ᠎ᠡ  ᠬᠦᠷᠲᠡᠯ᠎ᠡ᠂ ᠲᠠᠬᠢᠭᠠᠳ ᠪᠣᠳᠠᠲᠤ ᠪᠠᠶᠢᠳᠠᠯ ᠲᠠᠢ ᠨᠡᠶᠢᠴᠡᠭᠰᠡᠨ ᠬᠤᠰᠢᠭᠤ ᠲᠡᠰ ᠤᠨ ︽ᠲᠠᠪᠤᠨ ᠶᠡᠭᠡ ᠡᠭᠦᠷᠭᠡ︾ ᠪᠣᠯᠲᠠᠯ᠎ᠠ᠂ ᠤᠯᠠᠨ ᠢ ᠳᠠᠭᠠᠭᠤᠯᠤᠨ ᠤᠯᠤᠰ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠪᠠ ᠲᠡᠦᠬᠡᠲᠦ ᠴᠢᠨᠠᠷᠲᠠᠢ ᠪᠠᠶᠢᠷᠢ ᠰᠠᠭᠤᠷᠢ ᠶᠢᠨ ᠲᠣᠬᠠᠢ ᠲᠠᠶᠢᠯᠪᠣᠷᠢᠯᠠᠯᠲᠠ ᠬᠢᠭᠰᠡᠨ ᠪᠠᠶᠢᠨ᠎ᠠ᠃    ᠡᠭᠦᠨ ᠤ ᠳᠠᠭᠠᠣ᠂ ᠯᠢ ᠶᠠᠨ ᠵᠢᠶᠦ᠋ᠨ ᠪᠠᠭᠰᠢ ᠲᠠᠶᠢᠯᠤᠮᠵᠢ ᠬᠢᠬᠦ ᠳᠡᠭᠡᠨ ᠴᠢᠬᠤᠯᠠᠴᠢᠯᠠᠭᠰᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠪᠣᠯᠬᠤ ᠪᠥᠭᠡᠳ ᠪᠠᠰᠠ ᠪᠤᠰᠤᠳ ᠡᠯ᠎ᠡ  ᠵᠦᠢᠯ ᠤᠨ ᠠᠵᠢᠯ ᠳᠤ ᠴᠥᠮ ᠵᠢᠷᠤᠮᠯᠠᠬᠤ ᠴᠢᠬᠤᠯᠠᠲᠠᠶ ᠵᠠᠷᠴᠢᠮ ᠪᠣᠯᠤᠨ᠎ᠠ᠃ ᠪᠦᠬᠦ ᠨᠠᠮ ᠤᠨ ᠭᠡᠰᠢᠭᠦᠨ ᠺᠠᠳ᠋ᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠭᠦᠨᠵᠡᠭᠡᠢ ᠠᠭᠤᠯᠤᠭᠳᠠᠬᠤᠨ ᠪᠠ ᠪᠣᠳᠠᠲᠤ ᠠᠴᠢ ᠬᠤᠯᠪᠣᠭᠳᠠᠯ ᠢ ᠭᠦᠨᠵᠡᠭᠡᠢ ᠡᠵᠡᠮᠰᠢᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ  ᠬᠡᠰᠡᠨ ᠪᠠᠶᠢᠨ᠎ᠠ ᠃     ᠲᠣᠰ ᠤᠳᠠᠭᠠᠨ ᠤ ᠨᠠᠮ ᠤᠨ ᠬᠢᠴᠢᠶᠡᠯ ᠢᠶᠠᠷ ᠳᠡᠮᠵᠢᠨ᠂  ᠰᠠᠭᠠᠳᠠᠭ ᠰᠣᠮᠣᠨ ᠤ  ᠪᠥᠬᠦ ᠨᠠᠮ ᠤᠨ ᠭᠡᠰᠢᠭᠦᠨ ᠺᠠᠳ᠋ᠷᠴᠤᠳ ᠬᠤᠶᠢᠰᠢᠳᠠ ᠶᠢᠨ ᠠᠵᠢᠯ ᠳᠠᠭᠠᠨ ᠰᠢᠷᠭᠠᠭᠤ ᠬᠠᠲᠠᠭᠤᠵᠢᠯᠲᠠᠶ ᠠᠵᠢᠯᠯᠠᠵᠤ᠂ ᠡᠷᠴᠢ ᠵᠣᠷᠢᠭ ᠢᠶᠠᠨ ᠬᠥᠪᠴᠢᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠠᠵᠢᠯ ᠥᠷᠨᠢᠭᠦᠯᠬᠦ ᠶᠢ ᠠᠬᠢᠭᠤᠯᠬᠤ ᠡᠬᠢ ᠪᠤᠯᠠᠭ ᠪᠠ ᠬᠥᠳᠡᠯᠭᠡᠬᠦ ᠬᠦᠴᠦᠨ ᠪᠣᠯᠭᠠᠵᠤ᠂ ᠰᠣᠷᠣᠭᠰᠠᠨ ᠢᠶᠠᠨ ᠬᠡᠷᠡᠭᠯᠡᠬᠦ ᠶᠢ ᠪᠠᠷᠢᠮᠲᠠᠯᠠᠨ᠂ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠤᠳᠠᠭᠠᠨ ᠳᠠᠭᠠᠭᠠᠮᠠᠭᠠᠶ ᠪᠠᠷ ᠵᠢᠳᠬᠦᠵᠦ᠂ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠪᠠᠳᠠᠷᠠᠭᠤᠯᠤᠨ᠂ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠵᠠᠮᠨᠠᠨ᠎ᠠ ᠬᠡᠮᠡᠨ ᠢᠯᠡᠷᠬᠡᠶᠢᠯᠡᠵᠡᠭᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ