ᠪᠠᠷᠠᠭᠤᠨ ᠪᠠᠭ᠎ᠠ ᠵᠣᠣ ᠪᠠᠯᠭᠠᠰᠤ ᠵᠣᠬᠢᠬᠤ ᠨᠠᠰᠤᠨ ᠤ ᠡᠮᠡᠭᠲᠡᠶᠢᠴᠦᠳ ᠲᠤ ᠰᠦᠢᠳᠭᠡᠯ ᠬᠤᠷᠢᠶᠠᠬᠤ ᠥᠬᠡᠶ ᠪᠠᠷ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/7/11
       ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠪᠠᠷᠠᠭᠤᠨ ᠪᠠᠭ᠎ᠠ ᠵᠣᠣ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠠᠷᠠᠭᠤᠨ ᠪᠠᠭ᠎ᠠ ᠵᠣᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠡᠮᠡᠭᠲᠡᠶᠢᠴᠦᠳ ᠢ ᠵᠣᠬᠢᠶᠠᠨ ᠪᠠᠶᠢᠭᠤᠯᠵᠤ ︽ᠬᠤᠶᠠᠷ ᠥᠮᠡᠨ︾ ᠢ ᠦᠨ᠎ᠡ ᠲᠥᠯᠥᠪᠦᠷᠢ ᠥᠬᠡᠶ ᠪᠠᠷ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠪᠡ᠃       ᠲᠣᠰ ᠤᠳᠠᠭᠠᠨ ᠤ ᠰᠢᠭᠰᠢᠨ ᠪᠠᠶᠢᠴᠠᠭᠠᠬᠤ ᠠᠵᠢᠯᠯᠠᠭ᠎ᠠ ᠨᠢ ᠭᠤᠤᠯᠳᠠᠭᠤ ᠬᠥᠬᠦᠨ ᠪᠤᠯᠴᠢᠷᠬᠠᠶ ᠶᠢᠨ ᠥᠩᠭᠡᠲᠦ ᠬᠡᠲᠦ ᠳᠣᠯᠭᠢᠶᠠᠨ ᠤ ᠪᠠᠶᠢᠴᠠᠭᠠᠯᠲᠠ᠂ ᠰᠠᠪᠠ ᠶᠢᠨ ᠥᠩᠭᠡᠲᠦ ᠬᠡᠲᠦ ᠳᠣᠯᠭᠢᠶᠠᠨ ᠤ ᠪᠠᠶᠢᠴᠠᠭᠠᠯᠲᠠ ᠵᠡᠷᠭᠡ ᠶᠢ ᠥᠷᠨᠢᠭᠦᠯᠬᠦ ᠶᠢᠨ ᠬᠠᠮᠲᠤ ᠡᠮᠡᠭᠲᠡᠶᠢᠴᠦᠳ ᠨᠢᠭᠡᠪᠦᠷᠢ ᠶᠢᠨ ᠦᠨᠳᠦᠰᠦᠨ ᠪᠠᠶᠢᠳᠠᠯ ᠢ ᠣᠶᠢᠯᠠᠭᠠᠵᠤ ᠂ ᠡᠷᠲᠡ ᠪᠠᠶᠢᠴᠠᠭᠠᠬᠤ᠂ ᠡᠷᠲᠡ ᠢᠯᠡᠷᠡᠭᠦᠯᠬᠦ᠂ ᠡᠷᠲᠡ ᠡᠮᠨᠡᠨ ᠵᠠᠰᠠᠬᠤ ᠶᠢ ᠦᠨᠡᠨ ᠬᠦ ᠪᠠᠲᠤᠯᠠᠵᠤ᠂ ᠠᠵᠢᠯᠲᠠᠳ ᠪᠠᠰᠠ ᠬᠥᠬᠦᠨ ᠪᠤᠯᠴᠢᠷᠬᠠᠶ ᠶᠢᠨ ᠥᠮᠡᠨ᠂ ᠰᠠᠪᠠ ᠶᠢᠨ ᠬᠦᠵᠦᠭᠦᠨ ᠤ ᠥᠮᠡᠨ ᠵᠢᠴᠢ ᠬᠥᠬᠦᠨ ᠪᠤᠯᠴᠢᠷᠬᠠᠶ᠂ ᠡᠮᠡᠭᠲᠡᠶ ᠶᠢᠨ ᠰᠠᠯᠠᠭᠠᠨ ᠤ ᠦᠷᠭᠦᠯᠵᠢ ᠲᠣᠬᠢᠶᠠᠯᠳᠤᠳᠠᠭ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠡᠯ᠎ᠡ  ᠵᠦᠢᠯ ᠤᠨ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠲᠠᠶᠢᠯᠪᠤᠷᠢᠯᠠᠪᠠ᠃ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠡᠮᠨᠡᠯᠭᠡ ᠶᠢᠨ ᠠᠵᠢᠯᠲᠠᠨ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠶ ᠳᠤᠨᠢ ᠬᠠᠷᠢᠭᠤ ᠲᠤᠰᠬᠠᠬᠤ ᠶᠢᠨ ᠬᠠᠮᠲᠤ᠂ ᠪᠠᠶᠢᠴᠠᠭᠠᠯᠲᠠ ᠳᠤ ᠣᠷᠣᠯᠴᠠᠭᠰᠠᠨ ᠡᠮᠡᠭᠲᠡᠶᠢᠴᠦᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ ᠥᠭᠴᠦ᠂ ᠰᠡᠭᠦᠯᠴᠢ ᠶᠢᠨ ᠬᠤᠭᠤᠴᠠᠭᠠᠨ ᠤ ᠮᠥᠷᠳᠡᠨ ᠪᠠᠶᠢᠴᠠᠭᠠᠬᠤ ᠳᠤ ᠲᠥᠬᠦᠮ ᠪᠣᠯᠭᠠᠪᠠ᠃       ︽ᠡᠩ ᠤᠨ ᠦᠶ᠎ᠡ ᠳᠤ ᠬᠡᠷ ᠲᠡᠭᠡᠨ ᠲᠠᠷᠢᠶᠠᠨ ᠠᠵᠢᠯ ᠂ ᠬᠡᠷ ᠤᠨ ᠠᠵᠢᠯ ᠬᠢᠭᠡᠳ ᠶᠠᠭᠠᠷᠠᠤ᠂ ᠬᠡᠳᠦᠨ ᠵᠢᠯ ᠪᠠᠶᠢᠴᠠᠭᠠᠭᠰᠠᠨ ᠥᠬᠡᠶ᠂ ᠪᠠᠰᠠ ᠳᠡᠷᠭᠡᠳᠡᠬᠢ ᠬᠥᠮᠦᠰ ᠤᠨ ᠬᠡᠯᠡᠬᠦ ᠪᠠᠷ ᠣᠶᠢᠷ᠎ᠠ ᠶᠢᠨ ᠬᠡᠳᠦᠨ ᠵᠢᠯ ᠳᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠶ ᠶᠢᠨ ᠥᠮᠡᠨ ᠳᠤ ᠨᠡᠷᠪᠡᠭᠳᠡᠬᠦ ᠨᠣᠷᠮ᠎ᠠ ᠨᠡᠯᠢᠶᠡᠳ ᠥᠨᠳᠥᠷ ᠪᠠᠶᠢᠨ᠎ᠠ ᠭᠡᠵᠦ ᠰᠣᠨᠤᠰᠪᠠ᠂ ᠶᠠᠭ ᠡᠨᠡ ᠲᠣᠬᠢᠶᠠᠯ ᠢᠶᠠᠷ ᠪᠠᠶᠢᠴᠠᠭᠠᠵᠤ ᠪᠣᠯᠤᠨ᠎ᠠ᠂  ᠲᠡᠷᠡ ᠪᠦᠭᠡᠳ ᠦᠨ᠎ᠡ ᠲᠥᠯᠥᠪᠦᠷᠢ ᠥᠬᠡᠶ᠂ ᠣᠲᠣ ᠮᠠᠨ ᠤ ᠡᠮᠡᠭᠲᠡᠶᠢᠴᠦᠳ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠤᠯᠠᠮ ᠠᠴᠠ ᠤᠯᠠᠮ ᠰᠠᠶᠢᠨ ᠪᠣᠯᠵᠣ ᠪᠠᠶᠢᠨ᠎ᠠ》 ᠭᠡᠵᠦ  ᠾᠧ ᠫᠢᠩ ᠳᠤᠭᠤᠶᠢᠯᠠᠩ ᠳᠤ ᠰᠠᠭᠤᠭ᠎ᠠ ᠸᠠᠩ ᠡᠭᠡᠴᠢ ᠬᠡᠯᠡᠪᠡ᠃      ᠣᠳᠣᠬᠠᠨ ᠪᠣᠯᠲᠠᠯ᠎ᠠ᠂ ᠡᠯ᠎ᠡ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠬᠠᠷᠢᠶ᠎ᠠ ᠣᠷᠣᠨ ᠤ 463 ᠡᠮᠡᠭᠲᠡᠶᠢᠴᠦᠳ ᠢ ᠵᠣᠬᠢᠶᠠᠨ ᠪᠠᠶᠢᠭᠤᠯᠵᠤ  ᠰᠦᠢᠳᠭᠡᠯ ᠬᠤᠷᠢᠶᠠᠬᠤ ᠥᠬᠡᠶ ᠪᠠᠷ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠬᠢᠪᠠ᠃ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯᠯᠠᠭ᠎ᠠ ᠶᠢ ᠲᠦᠭᠡᠮᠡᠯᠵᠢᠭᠦᠯᠬᠦ ᠪᠠ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠡᠮᠡᠭᠲᠡᠶᠢᠴᠦᠳ ᠤᠨ ᠥᠪᠡᠷ ᠤᠨ ᠡᠷᠡᠭᠦᠯ ᠮᠡᠨᠳᠦ ᠪᠠᠨ ᠬᠠᠮᠠᠭᠠᠯᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠵᠣᠷᠢᠯᠭ᠎ᠠ ᠳᠤ ᠦᠨᠡᠨ ᠬᠦ ᠬᠦᠷᠴᠦ᠂ ︽ᠬᠤᠶᠠᠷ ᠥᠮᠡᠨ︾ ᠤ ᠡᠮᠡᠭᠲᠡᠶᠢᠴᠦᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠤᠴᠠᠷᠠᠭᠤᠯᠬᠤ ᠬᠤᠤᠷ ᠬᠥᠨᠥᠭᠡᠯ ᠢ ᠪᠦᠲᠦᠮᠵᠢᠲᠡᠶ ᠪᠠᠭᠤᠷᠠᠭᠤᠯᠵᠤ᠂ ᠡᠮᠡᠭᠲᠡᠶᠢᠴᠦᠳ ᠤᠨ ᠣᠷᠣᠰᠢᠨ ᠠᠮᠢᠳᠤᠷᠠᠬᠤ ᠪᠠ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠥᠷᠭᠡᠨ ᠣᠯᠠᠨ ᠡᠮᠡᠭᠲᠡᠶᠢᠴᠦᠳ ᠲᠤ ᠡᠷᠡᠭᠦᠯ ᠮᠡᠨᠳᠦ ᠶᠢᠨ ︽ᠬᠠᠮᠠᠭᠠᠯᠠᠭᠴᠢ︾ ᠶᠢ ᠪᠣᠶ ᠪᠣᠯᠭᠠᠭᠰᠠᠨ ᠤ ᠬᠠᠮᠲᠤ ᠵᠠᠰᠠᠭ ᠤᠨ ᠣᠷᠳᠣᠨ ᠪᠠ ᠡᠮᠡᠭᠲᠡᠶᠢᠴᠦᠳ ᠤᠨ ᠡᠷᠡᠭᠦᠯ ᠮᠡᠨᠳᠦ ᠶᠢᠨ ︽  ᠰᠡᠳᠭᠢᠯ ᠬᠤᠯᠪᠣᠬᠤ ᠬᠥᠭᠦᠷᠭᠡ︾ ᠶᠢ ᠪᠤᠰᠬᠠᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ