ᠰᠢ ᠰᠢᠶᠣᠣ ᠵᠣᠣ ᠪᠠᠯᠭᠠᠰᠤ ᠡᠮᠡᠭᠲᠡᠶᠢᠴᠦᠳ ᠲᠤ ᠰᠦᠢᠳᠭᠡᠯ ᠬᠤᠷᠢᠶᠠᠬᠤ ᠥᠬᠡᠶ ᠪᠠᠷ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/7/11
    ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠰᠢ ᠰᠢᠶᠣᠣ ᠵᠣᠣ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂  ᠰᠢ ᠰᠢᠶᠣᠣ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠡᠮᠡᠭᠲᠡᠶᠢᠴᠦᠳ ᠢ ᠵᠣᠬᠢᠶᠠᠨ ᠪᠠᠶᠢᠭᠤᠯᠵᠤ ︽ᠬᠤᠶᠠᠷ ᠥᠮᠡᠨ︾ ᠢ ᠦᠨ᠎ᠡ ᠲᠥᠯᠥᠪᠦᠷᠢ ᠥᠬᠡᠶ ᠪᠠᠷ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠪᠡ᠃     ᠲᠣᠰ ᠤᠳᠠᠭᠠᠨ ᠤ ᠰᠢᠭᠰᠢᠨ ᠪᠠᠶᠢᠴᠠᠭᠠᠬᠤ ᠠᠵᠢᠯᠯᠠᠭ᠎ᠠ ᠨᠢ ᠭᠤᠤᠯᠳᠠᠭᠤ ᠬᠥᠬᠦᠨ ᠪᠤᠯᠴᠢᠷᠬᠠᠶ ᠶᠢᠨ ᠥᠩᠭᠡᠲᠦ ᠬᠡᠲᠦ ᠳᠣᠯᠭᠢᠶᠠᠨ ᠤ ᠪᠠᠶᠢᠴᠠᠭᠠᠯᠲᠠ᠂ ᠰᠠᠪᠠ ᠶᠢᠨ ᠥᠩᠭᠡᠲᠦ ᠬᠡᠲᠦ ᠳᠣᠯᠭᠢᠶᠠᠨ ᠤ ᠪᠠᠶᠢᠴᠠᠭᠠᠯᠲᠠ ᠵᠡᠷᠭᠡ ᠶᠢ ᠥᠷᠨᠢᠭᠦᠯᠬᠦ ᠶᠢᠨ ᠬᠠᠮᠲᠤ ᠡᠮᠡᠭᠲᠡᠶᠢᠴᠦᠳ ᠨᠢᠭᠡᠪᠦᠷᠢ ᠶᠢᠨ ᠦᠨᠳᠦᠰᠦᠨ ᠪᠠᠶᠢᠳᠠᠯ ᠢ ᠣᠶᠢᠯᠠᠭᠠᠵᠤ᠂ ᠡᠷᠲᠡ ᠪᠠᠶᠢᠴᠠᠭᠠᠬᠤ᠂ ᠡᠷᠲᠡ ᠢᠯᠡᠷᠡᠭᠦᠯᠬᠦ᠂ ᠡᠷᠲᠡ ᠡᠮᠨᠡᠨ ᠵᠠᠰᠠᠬᠤ ᠶᠢ ᠦᠨᠡᠨ ᠬᠦ ᠪᠠᠲᠤᠯᠠᠵᠤ᠂ ᠠᠵᠢᠯᠲᠠᠳ ᠪᠠᠰᠠ ᠬᠥᠬᠦᠨ ᠪᠤᠯᠴᠢᠷᠬᠠᠶ ᠶᠢᠨ ᠥᠮᠡᠨ᠂ ᠰᠠᠪᠠ ᠶᠢᠨ ᠬᠦᠵᠦᠭᠦᠨ ᠤ ᠥᠮᠡᠨ ᠵᠢᠴᠢ ᠬᠥᠬᠦᠨ ᠪᠤᠯᠴᠢᠷᠬᠠᠶ᠂ ᠡᠮᠡᠭᠲᠡᠶ ᠶᠢᠨ ᠰᠠᠯᠠᠭᠠᠨ ᠤ ᠦᠷᠭᠦᠯᠵᠢ ᠲᠣᠬᠢᠶᠠᠯᠳᠤᠳᠠᠭ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠡᠯ᠎ᠡ ᠵᠦᠢᠯ ᠤᠨ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠲᠠᠶᠢᠯᠪᠤᠷᠢᠯᠠᠪᠠ᠃ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠡᠮᠨᠡᠯᠭᠡ ᠶᠢᠨ ᠠᠵᠢᠯᠲᠠᠨ ᠠᠴᠠ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠶ ᠳᠤᠨᠢ ᠬᠠᠷᠢᠭᠤ ᠲᠤᠰᠬᠠᠬᠤ ᠶᠢᠨ ᠬᠠᠮᠲᠤ᠂ ᠪᠠᠶᠢᠴᠠᠭᠠᠯᠲᠠ ᠳᠤ ᠣᠷᠣᠯᠴᠠᠭᠰᠠᠨ ᠡᠮᠡᠭᠲᠡᠶᠢᠴᠦᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ ᠥᠭᠴᠦ ᠂ ᠰᠡᠭᠦᠯᠴᠢ ᠶᠢᠨ ᠬᠤᠭᠤᠴᠠᠭᠠᠨ ᠤ ᠮᠥᠷᠳᠡᠨ ᠪᠠᠶᠢᠴᠠᠭᠠᠬᠤ ᠳᠤ ᠲᠥᠬᠦᠮ ᠪᠣᠯᠭᠠᠪᠠ᠃     ︽ᠡᠩ ᠤᠨ ᠦᠶ᠎ᠡ ᠳᠤ ᠬᠡᠷ ᠲᠡᠭᠡᠨ ᠲᠠᠷᠢᠶᠠᠨ ᠠᠵᠢᠯ᠂ ᠬᠡᠷ ᠤᠨ ᠠᠵᠢᠯ ᠬᠢᠳᠡᠭ᠂ ᠬᠡᠳᠦᠨ ᠵᠢᠯ ᠪᠠᠶᠢᠴᠠᠭᠠᠭᠰᠠᠨ ᠥᠬᠡᠶ᠂ ᠦᠨ᠎ᠡ ᠲᠥᠯᠥᠪᠦᠷᠢ ᠥᠬᠡᠶ ᠪᠠᠷ ᠲᠣᠰ ᠣᠳᠠᠭᠠᠨ ᠤ ᠪᠠᠶᠢᠴᠠᠭᠠᠯᠲᠠ ᠶᠢ ᠬᠢᠯᠭᠡᠭᠰᠡᠨ᠂ ᠣᠲᠣ ᠮᠠᠨ ᠤ ᠡᠮᠡᠭᠲᠡᠶᠢᠴᠦᠳ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠤᠯᠠᠮ ᠠᠴᠠ ᠤᠯᠠᠮ ᠰᠠᠶᠢᠨ ᠪᠣᠯᠵᠣ ᠪᠠᠶᠢᠨ᠎ᠠ︾ ᠬᠡᠮᠡᠨ  ᠨᠠᠶᠢᠮᠠᠲᠠᠢ  ᠳᠤᠭᠤᠶᠢᠯᠠᠩ ᠳᠤ ᠰᠠᠭᠤᠭ᠎ᠠ ᠸᠠᠩ ᠣᠪᠣᠭᠲᠣ ᠬᠡᠯᠡᠪᠡ᠃     ᠣᠳᠣᠬᠠᠨ ᠪᠣᠯᠲᠠᠯ᠎ᠠ᠂ ᠰᠢ ᠰᠢᠶᠣᠣ ᠵᠣᠣ ᠪᠠᠯᠭᠠᠰᠤᠨ ᠤ ᠡᠯ᠎ᠡ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠠᠴᠠ ᠬᠠᠷᠢᠶ᠎ᠠ ᠣᠷᠣᠨ ᠤ 463 ᠡᠮᠡᠭᠲᠡᠶᠢᠴᠦᠳ ᠢ ᠵᠣᠬᠢᠶᠠᠨ ᠪᠠᠶᠢᠭᠤᠯᠵᠤ ᠰᠦᠢᠳᠭᠡᠯ ᠬᠤᠷᠢᠶᠠᠬᠤ ᠥᠬᠡᠶ ᠪᠠᠷ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠬᠢᠪᠠ᠃ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯᠯᠠᠭ᠎ᠠ ᠶᠢ ᠲᠦᠭᠡᠮᠡᠯᠵᠢᠭᠦᠯᠬᠦ ᠪᠠ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠡᠮᠡᠭᠲᠡᠶᠢᠴᠦᠳ ᠤᠨ ᠥᠪᠡᠷ ᠤᠨ ᠡᠷᠡᠭᠦᠯ ᠮᠡᠨᠳᠦ ᠪᠠᠨ ᠬᠠᠮᠠᠭᠠᠯᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠵᠣᠷᠢᠯᠭ᠎ᠠ ᠳᠤ ᠦᠨᠡᠨ ᠬᠦ ᠬᠦᠷᠴᠦ᠂ ︽ᠬᠤᠶᠠᠷ ᠥᠮᠡᠨ︾ ᠤ ᠡᠮᠡᠭᠲᠡᠶᠢᠴᠦᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠤᠴᠠᠷᠠᠭᠤᠯᠬᠤ ᠬᠤᠤᠷ ᠬᠥᠨᠥᠭᠡᠯ ᠢ ᠪᠦᠲᠦᠮᠵᠢᠲᠡᠶ ᠪᠠᠭᠤᠷᠠᠭᠤᠯᠵᠤ᠂ ᠡᠮᠡᠭᠲᠡᠶᠢᠴᠦᠳ ᠤᠨ ᠣᠷᠣᠰᠢᠨ ᠠᠮᠢᠳᠤᠷᠠᠬᠤ ᠣᠷᠴᠢᠨ ᠪᠠ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠬᠦᠯᠵᠦ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ