ᠨᠢᠭᠡ᠂ ᠠᠬᠤᠢ ᠪᠠᠶᠢᠳᠠᠯ ᠵᠢᠴᠢ ᠦᠨᠳᠦᠰᠦᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠬᠦ ᠶᠢᠨ ᠲᠤᠰᠠᠳᠠ᠂ ︽ᠦᠷᠡᠵᠢᠯ ᠤᠨ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠪᠠ ︽ᠭᠤᠷᠪᠠᠨ ᠬᠡᠦᠬᠡᠳ | ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠦᠷᠡᠵᠢᠯ ᠤᠨ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠪᠣᠳᠠᠲᠠᠢ ᠲᠠᠢ ᠤᠶᠠᠯᠳᠤᠭᠤᠯᠤᠭᠠᠳ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ | ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠪᠡ᠃ | ᠬᠤᠶᠠᠷ᠂ ᠭᠤᠣᠯ ᠠᠭᠤᠯᠭ᠎ᠠ | ︵ᠨᠢᠭᠡ︶ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ | ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠨᠢ ᠨᠡᠶᠢᠲᠡ ᠭᠤᠷᠪᠠᠨ ᠬᠡᠰᠡᠭ ᠢᠶᠠᠷ ᠪᠦᠷᠢᠯᠳᠦᠵᠡᠢ᠃ ᠲᠣᠰ ᠠᠷᠭ᠎ᠠ ᠨᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠨ ᠡᠯ᠎ᠡ ᠨᠢᠭᠡᠴᠢ᠂ ᠳᠠᠭᠠᠳᠬᠠᠯ ᠳᠤ ᠣᠷᠣᠯᠴᠠᠭᠰᠠᠨ ᠬᠥᠮᠥᠰ ᠲᠤ | ᠬᠡᠷᠡᠭᠵᠢᠭᠦᠯᠬᠦ ᠳᠤ ᠳᠣᠬᠢᠷᠠᠨ᠎ᠠ᠃ | ︵ᠬᠤᠶᠠᠷ︶ ᠡᠮᠨᠡᠯᠭᠡ ᠳᠤ ᠰᠠᠭᠤᠬᠤ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠥᠩᠭᠡᠵᠢᠬᠦ᠂ ᠣᠷᠤᠭ ᠤᠨᠠᠭᠠᠬᠤ᠂ ᠦᠷᠡᠵᠢᠯ ᠢ | ᠬᠢᠵᠠᠭᠠᠷᠯᠠᠬᠤ ᠪᠤᠶᠤ ᠦᠷᠡᠵᠢᠯ ᠢ ᠲᠠᠰᠤᠯᠬᠤ ᠮᠡᠰᠡ ᠵᠠᠰᠠᠯ ᠠᠴᠠ ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠳᠤ ᠬᠠᠷᠠᠭᠠᠯᠵᠠᠯ ᠤᠨ ᠬᠤᠪᠢ | ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠳᠤᠬᠢᠷᠠᠭᠤᠯᠬᠤ ᠦᠭᠡᠢ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠠᠴᠠ ᠪᠣᠳᠠᠲᠤ | ᠪᠠᠷᠢᠮᠲᠠ ᠶᠢ ᠦᠨᠳᠦᠰᠦᠯᠡᠨ ᠲᠥᠯᠥᠨ᠎ᠡ᠃ | ︵ᠭᠤᠷᠪᠠ︶ ᠡᠭᠦᠳᠡᠨ ᠡᠮᠨᠡᠯᠭᠡ ᠳᠤ ᠡᠮᠨᠡᠭᠦᠯᠬᠦ᠃ | ᠨᠢᠭᠡ ᠳᠤ᠂ ᠡᠮᠡᠭᠲᠡᠢ ᠠᠵᠢᠯᠲᠠᠨ ᠠᠵᠢᠯᠴᠢᠨ ᠤ ᠵᠢᠷᠮᠦᠰᠦᠯᠡᠭᠰᠡᠨ ᠬᠤᠭᠤᠴᠠᠭ᠎ᠠ᠂ ᠬᠥᠩᠭᠡᠵᠢᠬᠦ ᠬᠤᠭᠤᠴᠠᠭ᠎ᠠ᠂ ᠨᠢᠷᠠᠶᠢᠯᠠᠬᠤ ᠬᠤᠭᠤᠴᠠᠭᠠᠨ ᠳᠤ | ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠭᠦᠳᠡᠨ | ᠡᠮᠨᠡᠯᠭᠡ ᠳᠤ ᠬᠢᠯᠭᠡᠭᠰᠡᠨ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠵᠠᠷᠤᠳᠠᠯ ᠳᠤ ᠬᠠᠷᠠᠭᠠᠯᠵᠠᠯ ᠤᠨ ᠬᠤᠪᠢ ᠬᠦᠮᠦᠨ ᠤ ᠡᠭᠦᠷᠭᠡᠯᠡᠬᠦ ᠵᠠᠷᠤᠳᠠᠯ ᠤᠨ | ᠬᠢᠵᠠᠭᠠᠷ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠠᠴᠠ ᠲᠥᠯᠦᠬᠦ ᠳᠡᠭᠡᠳᠦ ᠬᠢᠵᠠᠭᠠᠷ ᠳᠣᠬᠢᠷᠠᠭᠤᠯᠬᠤ ᠦᠭᠡᠢ᠂ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠠᠴᠠ ᠪᠣᠳᠠᠲᠤ ᠪᠠᠷᠢᠮᠲᠠ ᠶᠢ ᠦᠨᠳᠦᠰᠦᠯᠡᠨ ᠲᠥᠯᠥᠨ᠎ᠡ᠃ | ᠬᠤᠶᠠᠷ ᠲᠤ᠂ ᠡᠭᠦᠳᠡᠨ ᠡᠮᠨᠡᠯᠭᠡ ᠳᠤ ᠣᠷᠤᠭ ᠤᠨᠠᠭᠠᠭᠰᠠᠨ ᠪᠤᠶᠤ ᠦᠷᠡᠵᠢᠯ ᠢ ᠬᠢᠵᠠᠭᠠᠷᠯᠠᠬᠤ ᠮᠡᠰᠡ ᠵᠠᠰᠠᠯ ᠬᠢᠯᠭᠡᠭᠰᠡᠨ ᠪᠠᠶᠢᠪᠠᠯ᠂ ᠬᠠᠷᠠᠭᠠᠯᠵᠠᠯ ᠤᠨ | ᠬᠤᠪᠢ ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠳᠤᠬᠢᠷᠠᠭᠤᠯᠬᠤ ᠦᠭᠡᠢ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠲᠥᠯᠥᠬᠦ ᠳᠡᠭᠡᠳᠦ ᠬᠢᠵᠠᠭᠠᠷ ᠨᠢ 2000 ᠲᠥᠭᠦᠷᠢᠭ | ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠢ ᠲᠥᠯᠦᠵᠦ ᠥᠭᠬᠦ ᠦᠭᠡᠢ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠢ | ᠪᠠᠷᠢᠮᠲᠠ ᠶᠢ ᠦᠨᠳᠦᠰᠦᠯᠡᠨ ᠲᠥᠯᠥᠨ᠎ᠡ᠃ | ᠭᠤᠷᠪᠠ ᠳᠤ᠂ ᠡᠭᠦᠳᠡᠨ ᠡᠮᠨᠡᠯᠭᠡ ᠳᠤ ᠦᠷᠡᠵᠢᠯ ᠢ ᠲᠠᠰᠤᠯᠬᠤ ᠮᠡᠰᠡ ᠵᠠᠰᠠᠯ ᠬᠢᠯᠭᠡᠭᠰᠡᠨ ᠪᠠᠶᠢᠪᠠᠯ᠂ ᠬᠠᠷᠠᠭᠠᠯᠵᠠᠯ ᠤᠨ ᠬᠤᠪᠢ ᠬᠦᠮᠦᠨ ᠤ ᠡᠭᠦᠷᠭᠡᠯᠡᠬᠦ | ᠵᠠᠷᠤᠳᠠᠯ ᠤᠨ ᠬᠢᠵᠠᠭᠠᠷ ᠳᠣᠬᠢᠷᠠᠭᠤᠯᠬᠤ ᠦᠭᠡᠢ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠲᠥᠯᠥᠬᠦ ᠳᠡᠭᠡᠳᠦ ᠬᠢᠵᠠᠭᠠᠷ ᠨᠢ 2500 ᠲᠥᠭᠦᠷᠢᠭ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ | ᠬᠡᠲᠦᠷᠡᠭᠰᠡᠨ ᠬᠡᠰᠡᠭ ᠢ ᠲᠥᠯᠦᠵᠦ ᠥᠭᠬᠦ ᠦᠭᠡᠢ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠢ ᠪᠠᠷᠢᠮᠲᠠ ᠦᠨᠳᠦᠰᠦᠯᠡᠨ ᠲᠥᠯᠥᠨ᠎ᠡ᠃ | ︵ᠳᠥᠷᠪᠡ︶ ᠦᠷᠡᠵᠢᠯ ᠤᠨ ᠨᠡᠮᠡᠯᠭᠡ ᠶᠢᠨ ᠪᠠᠷᠢᠮᠵᠢᠶ᠎ᠠ᠃ | ᠨᠢᠭᠡ ᠳᠤ᠂ ᠡᠳ᠋ ᠤᠨ ᠵᠠᠰᠠᠭ ᠤᠨ ᠬᠠᠩᠭᠠᠯᠲᠠ ᠳᠤ ᠡᠰᠡ ᠬᠠᠮᠤᠷᠤᠭᠳᠠᠬᠤ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ | ᠠᠵᠢᠯᠴᠢᠨ ᠤ ᠦᠷᠡᠵᠢᠯ ᠤᠨ ᠨᠡᠮᠡᠯᠭᠡ ᠶᠢ ᠬᠥᠮᠥᠨ ᠬᠡᠷᠡᠭᠯᠡᠬᠦ ᠨᠢᠭᠡᠴᠢ ᠶᠢᠨ ᠳᠡᠭᠡᠷ᠎ᠡ ᠵᠢᠯ ᠤᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠠᠵᠢᠯᠲᠠᠨ | ᠠᠵᠢᠯᠴᠢᠨ ᠤ ᠰᠦᠢᠳᠬᠡᠯ ᠲᠤᠰᠢᠶᠠᠭᠰᠠᠨ ᠰᠠᠷ᠎ᠠ ᠶᠢᠨ ᠳᠤᠮᠲᠠᠴᠢ ᠰᠠᠭᠤᠷᠢ ᠲᠤᠭ᠎ᠠ ᠪᠠᠷ ᠪᠤᠳᠤᠵᠤ ᠣᠯᠭᠤᠬᠤ ᠪᠠᠷᠢᠮᠵᠢᠶ᠎ᠠ ᠪᠣᠯᠭᠠᠨ᠎ᠠ᠃ ᠡᠷᠡᠭᠲᠡᠢ ᠠᠵᠢᠯᠲᠠᠨ | ᠠᠵᠢᠯᠴᠢᠨ ᠤ ᠰᠤᠪᠢᠯᠠᠯᠲᠠ ᠶᠢᠨ ᠴᠢᠯᠦᠭᠡᠨ ᠤ ᠨᠡᠮᠡᠯᠭᠡ ᠶᠢ ᠠᠳᠠᠯᠢᠬᠠᠨ ᠰᠠᠭᠤᠷᠢ ᠲᠣᠭᠠᠨ ᠤ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ | ᠬᠤᠶᠠᠷ ᠲᠤ᠂ ᠲᠤᠬᠠᠢ ᠶᠢᠨ ᠵᠢᠯ ᠳᠤ ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠡᠳ᠋ ᠤᠨ ᠵᠠᠰᠠᠭ ᠤᠨ ᠬᠠᠩᠭᠠᠯᠲᠠ ᠳᠤ ᠡᠰᠡ ᠬᠠᠮᠤᠷᠤᠭᠳᠠᠬᠤ | ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠦᠷᠡᠵᠢᠯ ᠤᠨ ᠨᠡᠮᠡᠯᠭᠡ ᠶᠢ ᠠᠵᠢᠯᠲᠠᠨ ᠠᠵᠢᠯᠴᠢᠨ ᠤ ᠬᠥᠩᠭᠡᠵᠢᠭᠰᠡᠨ ᠲᠣᠰ | ᠰᠠᠷ᠎ᠠ ᠳᠠᠬᠢ ᠪᠠᠶᠢᠭᠤᠯᠭ᠎ᠠ ᠨᠢᠭᠡᠴᠢ ᠶᠢᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠭᠰᠠᠨ ᠳᠤᠮᠳᠠᠴᠢ ᠰᠠᠭᠤᠷᠢ | ᠲᠤᠭ᠎ᠠ ᠪᠠᠷ ᠦᠷᠡᠵᠢᠯ ᠤᠨ ᠨᠡᠮᠡᠯᠭᠡ ᠶᠢ ᠪᠤᠳᠤᠵᠤ ᠣᠯᠭᠤᠬᠤ ᠪᠠᠷᠢᠮᠵᠢᠶ᠎ᠠ ᠪᠣᠯᠭᠠᠨ᠎ᠠ᠃ | |