ᠡᠷᠳᠡᠨᠢᠪᠤᠯᠠᠭ ᠰᠤᠮᠤ ᠤᠰᠤ ᠠᠷᠪᠢᠯᠠᠬᠤ ᠤᠰᠤᠯᠠᠯᠲᠠ ᠶᠢᠨ ᠲᠤᠰᠬᠠᠶ ᠬᠤᠷᠰᠢᠶ᠎ᠠ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/7/26
    ᠣᠰᠣ ᠠᠷᠪᠢᠯᠠᠬᠤ ᠤᠰᠤ ᠬᠢᠵᠠᠭᠠᠷᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠳᠤ ᠣᠷᠣᠯᠴᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠡᠮᠬᠢ ᠵᠢᠷᠤᠮ ᠲᠠᠢ ᠪᠥᠭᠡᠳ ᠥᠨᠳᠥᠷ ᠪᠦᠲᠦᠮᠵᠢᠲᠡᠶ ᠤᠰᠤ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂  ᠣᠶᠢᠷ᠎ᠠ  ᠳᠤ᠂ ᠣᠷᠠᠳ ᠤᠨ ᠡᠮᠦᠨᠡᠲᠤ ᠬᠤᠰᠢᠭᠤᠨ ᠤ  ᠡᠷᠳᠡᠨᠢᠪᠤᠯᠠᠭ ᠰᠤᠮᠤ ᠤᠰᠤ ᠠᠷᠪᠢᠯᠠᠬᠤ ᠤᠰᠤᠯᠠᠯᠲᠠ ᠶᠢᠨ ᠲᠤᠰᠬᠠᠶ ᠬᠤᠷᠰᠢᠶ᠎ᠠ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃   ᠲᠣᠰ ᠤᠳᠠᠭᠠᠨ ᠤ ᠤᠰᠤ ᠠᠷᠪᠢᠯᠠᠬᠤ ᠤᠰᠤᠯᠠᠯᠲᠠ ᠶᠢᠨ ᠲᠤᠰᠬᠠᠶ ᠬᠤᠷᠰᠢᠶ᠎ᠠ ᠶᠢᠨ ᠪᠠᠶᠢᠭᠤᠯᠤᠭᠳᠠᠭᠰᠠᠨ ᠨᠢ ᠶᠡᠭᠡ ᠤᠰᠤ ᠪᠠᠷ ᠪᠢᠯᠬᠠᠲᠠᠯ᠎ᠠ ᠤᠰᠤᠯᠠᠬᠤ ᠤᠯᠠᠮᠵᠢᠯᠠᠯᠲᠤ ᠦᠵᠡᠯ ᠰᠠᠨᠠᠭ᠎ᠠ ᠶᠢ ᠬᠤᠪᠢᠷᠠᠭᠤᠯᠵᠤ᠂ ᠲᠡᠷᠢᠭᠦᠨ ᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠵᠦ᠂ ᠡᠷᠴᠢᠮᠵᠢᠭᠦᠯᠦᠨ ᠤᠰᠤ ᠠᠷᠪᠢᠯᠠᠬᠤ ᠶᠢ ᠠᠬᠢᠭᠤᠯᠬᠤ ᠶᠢᠨ ᠲᠥᠯᠥᠭᠡ ᠶᠤᠮ᠃ ᠲᠠᠷᠠᠭᠠᠴᠢ ᠶᠢᠨ ᠠᠯᠬᠤᠮ ᠳᠤ᠂ ᠰᠣᠮᠣᠨ ᠠᠴᠠ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠠᠬᠢᠭᠤᠯᠵᠤ᠂ ᠤᠰᠤ ᠪᠠᠷ ᠲᠠᠷᠢᠶᠠᠯᠠᠩ ᠢ ᠪᠥᠬᠦ ᠲᠠᠯ᠎ᠠ ᠪᠠᠷ ᠬᠠᠷᠠᠭᠠᠯᠵᠠᠵᠤ᠂ ᠤᠰᠤ ᠪᠠᠲᠤᠯᠠᠵᠤ ᠤᠰᠤᠯᠠᠬᠤ ᠪᠠᠷ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ