ᠪᠦᠯᠬᠦᠮᠳᠡᠨ  ᠬᠠᠮᠵᠢᠯᠴᠠᠭᠰᠠᠨ ᠤᠷᠠᠳ ᠤᠨ ᠡᠮᠦᠨᠡᠲᠤ ᠬᠤᠰᠢᠭᠤᠨ ᠤ ᠦᠨᠳᠦᠰᠦᠲᠡᠨ ᠤ ᠨᠡᠶᠢᠭᠡᠮ ᠲᠣᠭᠤᠷᠢᠭ
ᠨᠡᠶᠢᠲᠡᠯᠡᠭᠰᠡᠨ ᠴᠠᠭ᠄
2023/7/28
    ᠣᠯᠠᠨ ᠵᠢᠯ ᠤᠨ ᠲᠤᠷᠰᠢ᠂ ᠤᠷᠠᠳ ᠤᠨ ᠡᠮᠦᠨᠡᠲᠦ ᠬᠤᠰᠢᠭᠤᠨ ᠤ ᠦᠨᠳᠦᠰᠦᠲᠡᠨ ᠤ ᠨᠡᠶᠢᠭᠡᠮ ᠲᠣᠭᠤᠷᠢᠭ ᠨᠢ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠲᠤ ᠲᠦᠰᠢᠭᠯᠡᠨ᠂ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠦᠨᠳᠦᠰᠦᠲᠡᠨ ᠨᠦᠭᠦᠳ ᠤᠨ ᠬᠠᠮᠲᠤ ᠪᠠᠷ ᠣᠷᠣᠰᠢᠨ ᠰᠠᠭᠤᠬᠤ᠂ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠬᠤ᠂ ᠬᠠᠮᠲᠤ ᠪᠠᠷ ᠵᠢᠷᠭᠠᠬᠤ᠂ ᠬᠠᠮᠲᠤ ᠪᠠᠷ ᠡᠳ᠋ᠯᠡᠬᠦ ᠦᠨᠳᠦᠰᠦᠲᠡᠨ ᠤ ᠪᠦᠯᠬᠦᠮᠳᠡᠯ ᠤᠨ ᠶᠡᠭᠡ ᠬᠡᠷ ᠣᠷᠣᠨ ᠢ  ᠪᠠᠶᠢᠭᠤᠯᠪᠠ᠃    ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤᠨ ᠤ ᠦᠨᠳᠦᠰᠦᠲᠡᠨ ᠤ ᠨᠡᠶᠢᠭᠡᠮ ᠲᠣᠭᠤᠷᠢᠭ ᠲᠤ ᠨᠡᠶᠢᠳᠡ15000 ᠭᠠᠷᠤᠢ ᠰᠠᠭᠤᠭᠠᠯᠢ ᠠᠷᠠᠳ ᠲᠠᠢ ᠪᠠᠶᠢᠵᠤ᠂ ᠬᠢᠲᠠᠳ᠂ ᠮᠣᠩᠭᠤᠯ᠂ ᠬᠤᠲᠣᠩ ᠵᠡᠷᠭᠡ 15 ᠦᠨᠳᠦᠰᠦᠲᠡᠨ ᠢᠶᠠᠷ ᠪᠦᠷᠢᠯᠳᠣᠨ᠂ ᠴᠥᠭᠡᠨ ᠲᠣᠭᠠᠲᠤ ᠦᠨᠳᠦᠰᠦᠲᠡᠨ ᠤ ᠰᠠᠭᠤᠭᠠᠯᠢ ᠠᠷᠠᠳ ᠪᠠᠷᠤᠭ ᠭᠤᠷᠪᠠᠨ ᠤ ᠨᠢᠭᠡ ᠬᠤᠪᠢ ᠶᠢ ᠡᠵᠡᠯᠡᠵᠦ ᠪᠤᠢ᠃ ᠤᠯᠠᠨ ᠵᠢᠯ ᠤᠨ ᠲᠤᠷᠰᠢ᠂ ᠨᠡᠶᠢᠭᠡᠮ ᠲᠣᠭᠤᠷᠢᠭ ᠨᠢ ᠡᠯ᠎ᠡ ᠦᠨᠳᠦᠰᠦᠲᠡᠨ ᠤ ︽ᠰᠣᠯᠢᠯᠴᠠᠭ᠎ᠠ︾ ︽ᠠᠭᠤᠰᠤᠯᠴᠠᠯ︾ ︽ᠬᠠᠮᠲᠤ ᠪᠠᠷ ᠡᠳ᠋ᠯᠡᠬᠦ︾ ᠪᠠᠷ ᠭᠤᠣᠯ ᠰᠡᠳᠦᠪ ᠢᠶᠠᠨ ᠪᠣᠯᠭᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠡᠶᠢᠳᠬᠡᠵᠦ᠂ ᠡᠯ᠎ᠡ ᠵᠦᠢᠯ ᠤᠨ ᠲᠠᠪᠴᠠᠩ ᠪᠣᠯᠤᠨ ᠠᠴᠢᠶᠠᠯᠠᠪᠤᠷᠢ ᠶᠢ ᠭᠦᠢᠴᠡᠳ ᠠᠰᠢᠭᠯᠠᠵᠤ᠂ ᠤᠯᠠᠨ ᠬᠡᠯᠪᠡᠷᠢ ᠶᠢᠨ ᠤᠬᠠᠭᠤᠯᠭ᠎ᠠ ᠬᠥᠮᠦᠵᠢᠯ ᠪᠣᠯᠤᠨ ᠰᠣᠶᠣᠯ ᠤᠨ ᠦᠵᠡᠭᠦᠯᠭᠡ ᠶᠢᠨ ᠠᠵᠢᠯᠯᠠᠭ᠎ᠠ ᠶᠢ ᠦᠷᠨᠢᠬᠦᠯᠦᠭᠰᠡᠭᠡᠷ ᠢᠷᠡᠵᠡᠢ᠃ ᠡᠬᠦᠨ ᠳᠤ ︽ᠰᠣᠶᠣᠯ ᠤᠨ ᠨᠠᠶᠢᠷ︾᠂ ︽ᠬᠥᠷᠰᠢ ᠵᠡᠷᠭᠡᠯᠡᠳᠡᠭᠡ ᠶᠢᠨ ᠪᠠᠶᠠᠷ︾᠂ ︽ᠠᠷᠠᠳ ᠤᠨ ᠪᠢᠴᠢᠯ ᠬᠢᠴᠢᠶᠡᠯ ᠤᠨ ᠲᠠᠩᠬᠢᠮ︾ ᠵᠡᠷᠭᠡ ᠬᠦᠳᠡᠯᠭᠡᠭᠡᠨ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠲᠡᠨ ᠤ ᠶᠡᠷᠦ ᠶᠢᠨ ᠮᠡᠳᠡᠯᠭᠡ ᠶᠢᠨ ᠬᠥᠮᠦᠵᠢᠯ ᠢ ᠬᠦᠨᠵᠡᠭᠡᠢ ᠣᠶᠢᠯᠠᠭᠠᠭᠤᠯᠵᠣ᠂ ᠲᠡᠳᠡᠨ ᠢ ᠤᠬᠠᠮᠰᠠᠷ ᠠᠴᠠ ᠪᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠦᠢᠯᠡᠳᠦᠯᠭᠡᠵᠢᠭᠦᠯᠦᠭᠴᠢ ᠪᠣᠯᠬᠤ ᠶᠢ ᠵᠣᠷᠢᠭᠵᠢᠭᠤᠯᠪᠠ᠃ ᠡᠭᠦᠨ ᠠᠴᠠ ᠭᠠᠳᠠᠨ᠎ᠠ᠂ ᠪᠠᠰᠠ ᠬᠠᠳᠬᠤᠮᠠᠯ ᠬᠠᠳᠬᠤᠬᠤ᠂ ᠪᠠᠶᠠᠷ ᠳᠣᠷᠠᠰᠠᠬᠠᠯ ᠤᠨ ᠡᠳᠦᠷ ᠢᠶᠠᠨ ᠬᠠᠮᠲᠣ ᠪᠠᠷ ᠲᠡᠮᠳᠡᠭᠯᠡᠬᠦ ᠵᠡᠷᠭᠡ ᠬᠦᠳᠡᠯᠭᠡᠭᠡᠨ ᠢᠶᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠣᠨ᠂ ᠦᠨᠳᠦᠰᠦᠲᠡᠨ ᠤ ᠨᠥᠬᠦᠷᠯᠡᠯ ᠢ  ᠵᠣᠵᠠᠭᠠᠳᠬᠠᠳᠠᠭ ᠪᠠᠶᠢᠨ᠎ᠠ᠃      ︽ᠪᠢᠳᠡ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠠᠵᠢᠯ ᠬᠢᠬᠦ ᠪᠠᠷ ᠡᠴᠦᠰ ᠤᠨ ᠬᠠᠷᠠᠯᠲᠠ ᠪᠠᠨ ᠪᠣᠯᠭᠠᠵᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠠᠬᠢᠭᠤᠯᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠯᠠᠭᠤᠨ ᠳᠤᠯᠠᠭᠠᠨ᠂ ᠡᠶ᠎ᠡ ᠵᠣᠬᠢᠴᠠᠩᠭᠤᠢ ᠦᠨᠳᠦᠰᠦᠲᠡᠨ ᠤ ᠪᠦᠯᠬᠦᠮᠳᠡᠯ ᠤᠨ ᠶᠡᠭᠡ ᠭᠡᠷ ᠣᠷᠣᠨ ᠢ ᠬᠠᠮᠲᠤ ᠪᠠᠷ ᠪᠠᠶᠢᠭᠤᠯᠤᠨ᠎ᠠ︾ ᠭᠡᠵᠦ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤᠨ ᠤ ᠦᠨᠳᠦᠰᠦᠲᠡᠨ ᠤ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠮᠠ ᠯᠠᠨ ᠼᠦᠢ ᠰᠣᠷᠪᠣᠯᠵᠢᠯᠠᠭᠴᠢ ᠳᠤ  ᠬᠡᠯᠡᠵᠦ ᠪᠠᠶᠢᠯ᠎ᠠ᠃                
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ