ᠮᠢᠩᠭᠠᠨ ᠪᠠᠯᠭᠠᠰᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠰᠣᠷᠢᠯᠲᠠ ᠦᠷᠨᠢᠬᠦᠯᠪᠡ
ᠨᠡᠶᠢᠲᠡᠯᠡᠭᠰᠡᠨ ᠴᠠᠭ᠄
2023/7/4
    ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤᠨ ᠳᠤ 2023 ᠣᠨ ᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠬᠠᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠵᠦ᠂ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠬᠠᠤ ᠵᠢᠯᠣᠭᠤᠳᠬᠤ ᠰᠢᠢᠳᠪᠦᠷᠢᠲᠣ ᠪᠣᠳᠣᠯᠭ᠎ᠠ᠂ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠪᠣᠯᠤᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠤᠯᠠᠮ ᠨᠢᠭᠡ ᠠᠯᠬᠤᠮ ᠰᠢᠯᠭᠠᠨ ᠦᠵᠡᠵᠦ᠂ ᠰᠢᠨᠵᠢᠯᠡᠬᠦ ᠤᠬᠠᠭᠠᠨᠴᠢ ᠪᠠᠷ ᠠᠶᠤᠯ ᠠᠴᠠ ᠠᠪᠤᠷᠬᠠᠤ᠂ ᠴᠡᠷᠢᠭ ᠠᠷᠠᠳ ᠬᠤᠯᠪᠣᠭᠠᠯᠠᠨ ᠠᠶᠤᠯ ᠠᠴᠠ ᠠᠪᠤᠷᠬᠠᠤ ᠵᠣᠬᠢᠶᠠᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠣᠯᠬᠠᠣ ᠶᠢ ᠵᠣᠷᠢᠭᠰᠠᠨ ᠪᠠᠶᠢᠨ᠎ᠠ ᠃    ᠲᠣᠰ ᠤᠳᠠᠭᠠᠨ ᠤ ᠰᠣᠷᠢᠯᠲᠠ ᠳᠤ᠂ ᠲᠤᠬᠠᠶ ᠶᠢᠨ ᠭᠠᠵᠠᠷ ᠤᠨ ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠰᠢᠬᠢ ᠬᠠᠮᠤᠭ ᠤᠨ ᠶᠡᠭᠡ ᠬᠤᠷ᠎ᠠ ᠲᠣᠨᠣᠳᠠᠰᠤ ᠲᠠᠢ ᠠᠭᠤᠷ ᠠᠮᠢᠰᠬᠤᠯ ᠪᠠᠷ ᠰᠡᠳᠦᠪᠯᠡᠵᠦ᠂ ᠮᠢᠩᠭᠠᠨ ᠪᠠᠯᠭᠠᠰᠤᠨ ᠤ ᠰᠧ ᠮᠠ ᠭᠸᠤ ᠲᠣᠰᠬᠤᠨ ᠤ ᠠᠭᠤᠯᠠᠨ ᠦᠶᠡᠷ ᠶᠡᠭᠡ ᠪᠠᠷ ᠥᠰᠴᠦ᠂ ᠵᠡᠭᠦᠨ ᠡᠷᠭᠢ ᠳᠠᠬᠢ ᠲᠣᠰᠬᠤᠨ ᠤ ᠠᠷᠠᠳ ᠭᠠᠮᠰᠢᠭ ᠤᠨ ᠰᠦᠷᠳᠡᠭᠦᠯᠦᠯ ᠳᠤ  ᠣᠴᠠᠷᠠᠬᠤ ᠪᠣᠯᠤᠮᠵᠢ ᠲᠠᠢ ᠪᠣᠯᠪᠠ᠃ ᠮᠢᠩᠭᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠠᠷᠦ᠋ᠢᠬᠠᠨ ᠠᠷᠭ᠎ᠠ ᠬᠡᠮᠵᠢᠶ᠎ᠡ ᠠᠪᠴᠤ᠂ ᠬᠤᠰᠢᠭᠤᠨ ᠤ ᠲᠤᠬᠠᠶ ᠶᠢᠨ ᠲᠠᠯᠠᠪᠤᠷ ᠤᠨ ᠵᠢᠯᠣᠭᠤᠳᠬᠤ ᠳᠤᠭᠤᠶᠢᠯᠠᠩ ᠲᠠᠢ ᠬᠠᠮᠲᠤᠷᠠᠨ ᠲᠤᠬᠠᠶ ᠶᠢᠨ ᠲᠠᠯᠠᠪᠤᠷ ᠲᠤ ᠵᠢᠯᠣᠭᠤᠳᠬᠤ ᠭᠠᠵᠠᠷ ᠢ ᠪᠠᠶᠢᠭᠤᠯᠵᠤ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠵᠤ ᠠᠶᠤᠯ ᠠᠴᠠ ᠠᠪᠤᠷᠠᠨ ᠲᠤᠰᠠᠯᠠᠬᠤ ᠵᠡᠷᠭᠡ ᠡᠯ᠎ᠡ  ᠵᠦᠢᠯ ᠤᠨ ᠠᠵᠢᠯ ᠢ ᠪᠠᠴᠢᠮ ᠥᠷᠨᠢᠭᠦᠯᠪᠡ᠃    ᠪᠦᠬᠦ᠋ᠢᠯᠡ ᠰᠣᠷᠢᠯᠲᠠ ᠶᠢᠨ ᠶᠠᠪᠤᠴᠠ ᠪᠠᠴᠢᠮ ᠪᠥᠭᠡᠳ ᠡᠮᠬᠢ ᠵᠢᠷᠤᠮ ᠲᠠᠢ ᠶᠠᠪᠤᠭᠳᠠᠵᠤ᠂ ᠡᠯ᠎ᠡ ᠰᠣᠷᠢᠯᠲᠠ ᠶᠢᠨ ᠳᠤᠭᠤᠶᠢᠯᠠᠩ ᠤᠨ ᠠᠵᠢᠯ ᠤᠨ ᠬᠤᠪᠢᠶᠠᠷᠢᠯᠠᠯ ᠲᠣᠳᠣᠷᠬᠠᠶ᠂ ᠲᠤᠰᠬᠠᠯ ᠲᠦᠷᠭᠡᠨ᠂ ᠪᠠᠶᠢᠷᠢᠯᠠᠭᠤᠯᠤᠯᠲᠠ ᠨᠠᠷᠢᠨ ᠨᠢᠭᠲᠠ ᠪᠠᠶᠢᠵᠤ᠂ ᠲᠣᠭᠲᠠᠭᠰᠠᠨ ᠴᠠᠭ ᠤᠨ ᠳᠣᠲᠣᠷ᠎ᠠ ᠪᠠᠴᠢᠮ ᠪᠠᠶᠢᠳᠠᠯ ᠢ ᠠᠷᠭᠠᠴᠠᠭᠠᠬᠤ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ᠂ ᠠᠶᠤᠯ ᠠᠴᠠ ᠵᠠᠶᠢᠯᠠᠭᠤᠯᠤᠨ ᠰᠢᠯᠵᠢᠭᠦᠯᠬᠦ᠂ ᠵᠠᠮ ᠢ ᠱᠠᠯᠠᠪᠳᠠᠨ ᠵᠠᠰᠠᠬᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠵᠦ ᠤᠬᠢᠶᠠᠨ ᠠᠷᠢᠯᠭᠠᠬᠤ ᠵᠡᠷᠭᠡ ᠰᠣᠷᠢᠯᠲᠠ ᠶᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠪᠡᠶᠡᠯᠡᠭᠦᠯᠵᠡᠶ᠃ ︽ᠰᠡᠷᠭᠡᠶᠢᠯᠡᠬᠦ᠂ ᠵᠠᠪᠳᠣᠬᠤ᠂  ᠣᠭᠴᠠᠷᠠᠭᠤᠯᠬᠤ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠬᠤ ᠪᠠᠷ ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ︽ᠭᠠᠮᠰᠢᠭᠳᠠᠭᠰᠠᠨ︾ ᠣᠯᠠᠨ ᠲᠦᠮᠡᠨ ᠪᠦᠬᠦᠨ ᠢᠶᠠᠷ ᠢᠶᠠᠨ ᠠᠶᠤᠯ ᠦᠭᠡᠶ ᠶᠢᠨ ᠣᠷᠣᠨ ᠳᠤ ᠰᠢᠯᠵᠢᠭᠦᠯᠦᠭᠳᠡᠪᠡ᠃ ᠰᠣᠷᠢᠯᠲᠠ ᠨᠢ ᠮᠠᠯᠴᠢᠨ ᠲᠠᠷᠢᠶᠠᠴᠢᠨ ᠳᠤ ᠠᠮᠢ ᠵᠢᠭᠤᠲᠠᠬᠤ ᠲᠦᠷᠭᠡᠨ ᠠᠪᠤᠷᠠᠯᠲᠠ ᠶᠢᠨ ᠵᠢᠱᠢᠶ᠎ᠡ ᠦᠵᠡᠭᠦᠯᠬᠦ ᠬᠢᠴᠢᠶᠡᠯ ᠣᠷᠣᠵᠤ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠴᠡᠶ᠃    ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠲᠥᠪ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠵᠡᠷᠭᠡ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠢ ᠵᠢᠴᠢ ᠮᠢᠩᠭᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠪᠠᠯᠭᠠᠰᠤᠨ ᠳᠤ ᠰᠠᠭᠤᠭ᠎ᠠ ᠡᠯ᠎ᠡ ᠨᠢᠭᠡᠴᠢ᠂ ᠲᠠᠢ ᠯᠢᠶᠠᠩ ᠲᠣᠰᠬᠤᠨ ᠤ ︽ᠬᠤᠶᠠᠷ ᠵᠥᠪᠯᠡᠯ︾ ᠵᠢᠴᠢ ᠲᠠᠷᠢᠶᠠᠴᠢᠨ ᠠᠷᠠᠳ ᠰᠣᠷᠢᠯᠲᠠ ᠳᠤ ᠣᠷᠣᠯᠴᠠᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ