ᠰᠠᠭᠠᠳᠠᠭ ᠰᠤᠮᠤ ᠰᠢᠲᠠᠮᠠᠬᠠᠶ ᠬᠡᠢ ᠶᠢᠨ ᠳᠠᠯᠳᠠ ᠭᠡᠮ ᠳᠤ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/7/4
   ᠨᠢᠩᠰᠢᠶᠠ ᠶᠢᠨ ᠢᠷᠭᠠᠢ ᠶᠢᠨ ︽6.21︾ ᠤ ᠰᠢᠲᠠᠮᠠᠬᠠᠶ ᠬᠡᠶ ᠶᠢᠨ ᠳᠡᠯᠪᠡᠷᠡᠯᠲᠡ ᠶᠢᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠪᠥᠬᠦ ᠰᠤᠮᠤᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠰᠠᠭᠠᠳᠠᠭ ᠰᠤᠮᠤ ᠳᠠᠷᠤᠶ ᠲᠦᠷᠭᠡᠨ ᠬᠥᠳᠡᠯᠦᠯᠴᠡᠵᠦ᠂ ᠰᠢᠲᠠᠮᠠᠬᠠᠶ ᠬᠡᠶ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠢᠳᠡᠭᠡᠨ ᠤ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠣᠬᠠᠢ ᠳᠤᠨᠢ ᠠᠷᠢᠯᠭᠠᠪᠠ᠃   ᠰᠠᠭᠠᠳᠠᠭ ᠰᠤᠮᠤ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠣᠭᠤᠰᠢᠭᠤᠯᠣᠨ ᠨᠠᠶᠢᠳᠠᠪᠤᠷᠢᠵᠢᠭᠤᠯᠵᠤ᠂ ᠣᠳᠣᠬᠠᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ᠂ ᠬᠠᠲᠠᠭᠤ ᠪᠡᠷᠬᠡ ᠴᠢᠨᠠᠷ ᠪᠣᠯᠤᠨ ᠲᠤᠯᠭᠠᠮ᠎ᠠ ᠴᠢᠨᠠᠷ ᠢ ᠲᠠᠨᠢᠵᠤ᠂  ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ︾ ᠴᠢᠭᠯᠡᠯᠲᠡ ᠶᠣᠰᠣᠭᠠᠷ᠂ ᠰᠤᠮᠤ᠂ ᠭᠠᠴᠠᠭ᠎ᠠ ᠬᠤᠶᠠᠷ ᠱᠠᠲᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂   ᠰᠢᠲᠠᠮᠠᠬᠠᠶ ᠬᠡᠶ ᠶᠢᠨ ᠠᠮᠤᠷ ᠲᠦᠪᠰᠢᠨ ᠢ ᠣᠳᠣᠬᠠᠨ ᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠨ ᠠᠳᠬᠤᠪᠠ᠃ ᠵᠡᠭᠡᠯᠢ ᠳᠠᠭᠠᠤ ᠶᠢᠨ ᠬᠤᠳᠠᠯᠳᠤᠭ᠎ᠠ ᠳᠡᠯᠭᠡᠭᠦᠷ᠂ ᠢᠳᠡᠭᠡᠨ ᠤᠮᠳᠠᠭᠠᠨ ᠤ ᠠᠵᠢᠯ ᠲᠥᠷᠥᠯ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠠᠩᠬᠠᠷᠴᠤ᠂ ᠦᠨᠳᠦᠰᠦᠨ ᠪᠠᠶᠢᠳᠠᠯ ᠵᠢᠴᠢ ᠰᠢᠲᠠᠮᠠᠬᠠᠶ ᠬᠡᠶ ᠶᠢᠨ ᠬᠤᠭᠤᠯᠠᠶ ᠶᠢᠨ ᠲᠤᠤᠷ ᠢ ᠳᠡᠪᠢᠰᠦᠭᠰᠡᠨ᠂ ᠡᠳᠦᠷ ᠲᠤᠲᠤᠮ ᠤᠨ ᠬᠠᠮᠠᠭᠠᠯᠠᠯᠲᠠ᠂ ᠰᠢᠲᠠᠮᠠᠬᠠᠶ ᠬᠡᠶ ᠶᠢᠨ ᠠᠮᠤᠷ ᠲᠦᠪᠰᠢᠨ ᠢ ᠬᠢᠨᠠᠨ ᠰᠢᠨᠵᠢᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠢᠲᠠᠮᠠᠬᠠᠶ ᠬᠡᠶ ᠶᠢᠨ ᠲᠦᠩᠰᠡ᠂ ᠨᠡᠭᠡᠯᠡᠬᠡᠶ᠂ ᠬᠤᠭᠤᠯᠠᠶ᠂ ᠵᠤᠤᠬ᠎ᠠ᠂ ᠲᠦᠭᠰᠢᠭᠦᠷᠢ ᠶᠢ ᠮᠡᠳᠡᠭᠦᠯᠬᠦ ᠪᠠᠭᠠᠵᠢ ᠵᠡᠷᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠡᠮ ᠰᠣᠭᠤᠭ ᠤᠨ ᠠᠰᠠᠭᠤᠳᠠᠯ ᠤᠨ ᠨᠠᠷᠢᠨ ᠲᠠᠩᠰᠠ ᠶᠢ  ᠪᠠᠶᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠭᠡᠳ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠴᠠᠭ ᠲᠤᠬᠠᠶ ᠳᠤᠨᠢ ᠵᠣᠯᠭᠠᠭᠤᠯᠬᠤ ᠶᠢ ᠪᠡᠶᠡᠯᠡᠭᠦᠯᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠦᠨᠡᠨᠬᠦ ᠠᠷᠢᠯᠭᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠣᠯᠠᠪᠠ᠃     ᠪᠠᠶᠢᠴᠠᠭᠠᠯᠲᠠ ᠳᠤ᠂ ᠠᠵᠢᠯᠲᠠᠳ ᠠᠴᠠ ᠬᠤᠳᠠᠯᠳᠤᠭᠠᠨ ᠤ ᠡᠷᠦᠬᠡ ᠪᠣᠯᠤᠨ ᠰᠠᠭᠤᠭᠠᠯᠢ ᠠᠷᠠᠳ ᠢ ᠭᠠᠯ ᠴᠠᠬᠢᠯᠭᠠᠨ ᠢ ᠵᠢᠷᠤᠮᠵᠢᠭᠤᠯᠤᠨ ᠬᠡᠷᠡᠭᠯᠡᠭᠦᠯᠵᠦ᠂ ᠭᠠᠳᠠᠭᠰᠢ ᠭᠠᠷᠬᠤ ᠠᠴᠠ ᠡᠮᠦᠨ᠎ᠡ ᠡᠷᠬᠡᠪᠰᠢ ᠪᠤᠶ ᠪᠦᠬᠦᠢ ᠴᠠᠬᠢᠯᠭᠠᠨ ᠡᠭᠦᠰᠭᠡᠭᠴᠢ᠂ ᠰᠢᠲᠠᠮᠠᠬᠠᠶ ᠬᠡᠢ ᠶᠢ ᠬᠠᠭᠠᠵᠤ᠂ ᠨᠢᠭᠲᠠ ᠪᠢᠲᠡᠭᠦᠮᠵᠢᠯᠡᠭᠰᠡᠨ ᠣᠷᠣᠨ ᠵᠠᠶ ᠳᠤ ᠡᠯᠳᠡᠪ ᠶᠠᠭᠤᠮ᠎ᠠ ᠣᠪᠣᠭᠠᠯᠠᠵᠤ ᠲᠠᠯᠪᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠶ ᠬᠡᠮᠡᠨ ᠰᠠᠨᠠᠭᠤᠯᠪᠠ᠃ ᠡᠬᠦᠨ ᠠᠴᠠ ᠭᠠᠳᠠᠨ᠎ᠠ ᠪᠠᠰᠠ ᠰᠤᠮᠤᠨ ᠤ ᠠᠵᠢᠯᠲᠠᠳ ᠠᠴᠠ ᠷᠠᠳᠢᠣ᠋ ᠨᠡᠪᠲᠡᠷᠡᠭᠦᠯᠭᠡ ᠂ ᠸᠢᠴᠠᠲ ᠤᠨ ᠴᠤᠭᠯᠠᠷᠠᠯ ᠵᠡᠷᠭᠡ ᠠᠴᠢᠶᠠᠯᠠᠪᠤᠷᠢ ᠶᠢ ᠠᠰᠢᠭᠯᠠᠨ ᠰᠢᠲᠠᠮᠠᠬᠠᠶ ᠬᠡᠶ ᠶᠢᠨ ᠠᠳᠡᠯ ᠢ ᠤᠷᠢᠳᠴᠢᠯᠠᠨ ᠰᠡᠷᠭᠡᠶᠢᠯᠡᠬᠦ ᠵᠢᠴᠢ ᠪᠠᠴᠢᠮ ᠪᠠᠶᠢᠳᠠᠯ ᠢ ᠠᠷᠭᠠᠴᠠᠵᠤ ᠥᠪᠡᠷ ᠢ ᠪᠠᠨ ᠠᠪᠤᠷᠬᠠᠤ ᠶᠡᠷᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠰᠢᠲᠠᠮᠠᠬᠠᠶ ᠬᠡᠶ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠨ᠂ ᠰᠠᠭᠤᠭᠠᠯᠢ ᠠᠷᠠᠳ ᠤᠨ ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠬᠦ ᠦᠵᠡᠯ ᠤᠬᠠᠮᠰᠠᠷ ᠢ ᠲᠡᠭᠡᠭᠰᠢᠯᠡᠬᠦᠯᠦᠭᠰᠡᠨ ᠪᠠᠶᠢᠨ᠎ᠠ᠃     ᠲᠠᠷᠠᠭᠠᠴᠢ ᠶᠢᠨ ᠠᠯᠬᠤᠮ ᠳᠤ᠂  ᠰᠠᠭᠠᠳᠠᠭ ᠰᠤᠮᠤ ᠰᠢᠲᠠᠮᠠᠬᠠᠶ ᠬᠡᠶ ᠶᠢᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠰᠢᠲᠠᠮᠠᠬᠠᠶ ᠬᠡᠶ ᠶᠢᠨ ᠯᠡᠪᠡᠷᠡᠯᠲᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠥᠭᠡᠷᠡᠴᠢᠯᠡᠬᠦ ᠪᠠᠷ ᠳᠠᠮᠵᠢᠭᠤᠯᠤᠨ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠲᠡᠷᠡ ᠳᠠᠷᠤᠶ ᠳᠤᠨᠢ ᠤᠷᠢᠳᠴᠢᠯᠠᠨ ᠰᠡᠷᠡᠮᠵᠢᠯᠡᠭᠦᠯᠵᠦ᠂ ᠲᠡᠷᠡ ᠳᠠᠷᠤᠶ ᠳᠤᠨᠢ ᠢᠯᠡᠷᠡᠭᠦᠯᠵᠦ᠂ ᠲᠡᠷᠡ ᠳᠠᠷᠤᠶ ᠳᠤᠨᠢ  ᠰᠢᠢᠳᠪᠦᠷᠢᠯᠡᠵᠦ᠂  ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠬᠡᠮ ᠰᠣᠭᠤᠭ ᠢ ᠴᠤᠬᠤᠶᠢᠬᠤ ᠦᠶ᠎ᠡ ᠳᠤᠨᠢ ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ  ᠪᠠᠲᠣᠯᠠᠬᠤ ᠪᠠᠷ ᠪᠣᠢ᠃         
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ