ᠬᠥᠯᠡᠮᠵᠢ ᠳᠤ ᠬᠤᠶᠠᠳᠤᠭᠠᠷ ᠡᠭᠡᠯᠵᠢ ᠶᠢᠨ ᠢᠳᠡᠰᠢᠨ ᠨᠣᠭᠤᠭ᠎ᠠ ᠲᠠᠷᠢᠵᠤ ᠬᠤᠣᠰ ᠣᠷᠣᠯᠭ᠎ᠠ ᠶᠢ ᠪᠡᠶᠡᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/8/10
      ᠥᠪᠥᠷ ᠮᠣᠩᠭᠤᠯ  ᠤᠨ ᠵᠤᠸᠠᠩ ᠲᠠᠢ ᠹᠧᠩ ᠮᠠᠯ ᠲᠠᠷᠢᠶᠠᠯᠠᠩ ᠣᠢ ᠰᠢᠭᠤᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ  ᠺᠤᠮᠫᠠᠨᠢ᠂ ᠬᠥᠯᠡᠮᠵᠢ  ᠳᠠᠬᠢ ᠴᠠᠭᠠᠨ ᠬᠠᠯᠢᠰᠤᠲᠤ ᠠᠮᠲᠠᠲᠤ ᠬᠡᠮᠭᠡ ᠪᠠᠨ ᠬᠤᠷᠢᠶᠠᠭᠰᠠᠨ ᠤ ᠳᠠᠷᠠᠭ᠎ᠠ ᠳᠠᠬᠢᠨ ᠢᠳᠡᠰᠢᠨ ᠨᠣᠭᠤᠭ᠎ᠠ ᠲᠠᠷᠢᠭᠰᠠᠨ ᠢᠶᠠᠷ ᠥᠪᠡᠷ  ᠤᠨ ᠦᠷᠲᠡᠭ ᠢ ᠠᠷᠪᠢᠯᠡᠨ ᠦᠶ᠎ᠡ ᠠᠰᠢᠭ ᠢᠶᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠵᠦ ᠪᠤᠢ᠃      ᠣᠶᠢᠷ᠎ᠠ ᠶᠢᠨ ᠡᠳᠦᠷ᠂ ᠰᠤᠷᠪᠤᠯᠵᠢᠯᠠᠭᠴᠢ ᠶᠢ ᠰᠢᠶᠠᠨ ᠹᠧᠩ ᠪᠠᠯᠭᠠᠰᠤᠨ ᠤ ᠤᠯᠤᠰ ᠤᠨ ᠭᠠᠵᠠᠷ ᠤᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠭᠦᠨ ᠤ  ᠾᠸᠢ ᠯᠢᠦ ᠽᠢ ᠴᠠᠭᠠᠨ ᠬᠠᠯᠢᠰᠤᠲᠤ ᠠᠮᠲᠠᠲᠤ ᠬᠡᠮᠭᠡ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠬᠦ ᠳᠤ᠂ ᠬᠥᠯᠡᠮᠵᠢ ᠳᠡᠭᠡᠨ ᠨᠡᠷᠡᠨ ᠬᠤᠸᠠᠷ᠂ ᠯᠠᠵᠤᠤ᠂ ᠱᠠᠪᠲᠠᠯ᠎ᠠ ᠶᠢᠨ ᠨᠢᠯᠬ᠎ᠠ ᠴᠢᠬᠢ ᠢᠭᠴᠤ ᠰᠠᠬᠤᠯᠢᠭ ᠣᠷᠭᠤᠵᠤ  ᠪᠠᠶᠢᠬᠤ ᠶᠢ ᠣᠯᠵᠤ ᠬᠠᠷᠠᠪᠠ᠃

二次种植6.png

      ᠥᠪᠥᠷ ᠮᠣᠩᠭᠤᠯ ᠤᠨ ᠵᠤᠸᠠᠩ ᠲᠠᠢ ᠹᠧᠩ  ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ  ᠺᠤᠮᠫᠠᠨᠢ ᠶᠢᠨ

ᠬᠠᠷᠢᠭᠤᠴᠠᠯᠭᠠᠳᠠᠨ ᠬᠠᠨ ᠵᠧᠩ ᠬᠤᠸᠠ ᠰᠣᠷᠪᠤᠯᠵᠢᠯᠠᠬᠴᠢ ᠳᠤ᠄ ︽ᠴᠠᠭᠠᠨ ᠬᠠᠯᠢᠰᠤᠲᠤ ᠬᠡᠮᠭᠡ ᠨᠢ ᠬᠤᠷᠢᠶᠠᠵᠤ ᠪᠠᠷᠠᠭᠰᠠᠨ ᠤ ᠳᠠᠷᠠᠭ᠎ᠠ ᠪᠢᠳᠡ 7

ᠰᠠᠷ᠎ᠠ ᠶᠢᠨ 5 ᠤ ᠡᠳᠦᠷ ᠠᠴᠠ ᠡᠬᠢᠯᠡᠨ ᠲᠥᠯᠥᠪᠯᠡᠯᠭᠡ ᠲᠠᠢ ᠪᠠᠷ ᠲᠠᠬᠢᠨ ᠢᠳᠡᠰᠢᠨ ᠨᠣᠭᠤᠭ᠎ᠠ  ᠲᠠᠷᠢᠬᠤ ᠠᠵᠢᠯ ᠢ  ᠦᠷᠨᠢᠭᠦᠯᠵᠦ᠂ ᠬᠤᠶᠠᠳᠤᠭᠠᠷ

ᠤᠳᠠᠭ᠎ᠠ ᠳᠤ ᠭᠤᠣᠯᠳᠠᠭᠤ ᠯᠠᠵᠤᠤ ᠲᠠᠷᠢᠬᠤ ᠪᠠᠷ ᠭᠤᠣᠯ  ᠪᠣᠯᠭᠠᠵᠠᠢ᠃ ᠤᠳᠣᠬᠠᠨ ᠳᠤ ᠲᠠᠬᠢᠨ ᠳᠠᠷᠢᠭᠰᠠᠨ ᠢᠳᠡᠰᠢᠨ ᠨᠣᠭᠤᠭ᠎ᠠ ᠶᠢᠨ ᠤᠷᠭᠤᠴᠠ ᠨᠢ

ᠬᠥᠮᠥᠰ ‍ᠦᠨ‌ᠠᠩᠬᠠᠷᠤᠯ ᠢ ᠲᠠᠲᠠᠵᠤ᠂ ᠵᠢᠱᠢᠯᠲᠡ ᠪᠠᠷ ᠰᠠᠷ᠎ᠠ ᠶᠢᠨ ᠳᠤᠮᠳᠠᠴᠢ ᠪᠠᠷ ᠵᠠᠬ᠎ᠠ ᠳᠡᠯᠭᠡᠭᠦᠷ ᠲᠤ ᠭᠠᠷᠬᠤ ᠪᠣᠯᠣᠨ᠎ᠠ︾ ᠭᠡᠵᠦ ᠪᠠᠶᠢᠯ᠎ᠠ᠃

      ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ ᠂ ᠦᠪᠦᠷ ᠮᠣᠩᠭᠤᠯ ᠤᠨ ᠵᠤᠸᠠᠩ ᠲᠠᠢ ᠹᠧᠩ ᠮᠠᠯ  ᠲᠠᠷᠢᠶᠠᠯᠠᠩ  ᠣᠢ ᠰᠢᠭᠤᠢ ᠶᠢᠨ

ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠲᠣᠮᠣ ᠫᠧᠩ ᠳᠤ ᠲᠠᠬᠢᠨ ᠲᠠᠷᠢᠬᠤ ᠲᠤᠷᠰᠢᠯᠲᠠ ᠬᠢᠵᠠᠶ᠃ ᠲᠠᠬᠢᠨ ᠲᠠᠷᠢᠭᠰᠠᠨ ᠢᠳᠡᠰᠢᠨ ᠨᠣᠭᠤᠭ᠎ᠠ ᠨᠢ

ᠴᠥᠮ ᠠᠩᠬᠠᠨ ᠤ ᠡᠭᠡᠯᠵᠢ ᠶᠢᠨ ᠰᠦᠯᠢᠶᠥᠦ ᠪᠦᠷᠬᠦᠪᠴᠢ᠂ ᠬᠢᠯᠭᠠᠰᠤᠨ ᠬᠤᠭᠤᠯᠠᠢ ᠵᠡᠷᠭᠡ ᠶᠢ ᠭᠦᠢᠴᠡᠳ ᠠᠰᠢᠭᠯᠠᠵᠤ ᠂ ᠭᠤᠷᠪᠠᠨ ᠵᠢᠯ ᠤᠨ ᠬᠠᠶᠢᠨ

ᠰᠦᠪᠡᠭᠴᠢᠯᠡᠯᠲᠡ ᠪᠠᠷ ᠳᠠᠮᠵᠢᠨ᠂ ᠬᠥᠯᠡᠮᠵᠢ ᠳᠤ ᠬᠤᠶᠠᠳᠤᠭᠠᠷ ᠡᠭᠡᠯᠵᠢ  ᠲᠠᠷᠢᠬᠤ ᠨᠢ ᠥᠪᠡᠷ  ᠤᠨ ᠥᠷᠳᠡᠭ ᠢ  ᠠᠷᠪᠢᠯᠠᠭᠰᠠᠨ ᠢᠶᠠᠷ ᠪᠠᠷᠠᠬᠤ ᠦᠭᠡᠢ

ᠭᠠᠵᠠᠷ ᠰᠢᠷᠣᠢ ᠶᠢᠨ ᠦᠷ᠎ᠡ ᠠᠰᠢᠭ  ᠢ ᠬᠠᠮᠤᠭ ᠶᠡᠭᠡ ᠪᠠᠷ ᠠᠰᠢᠭᠯᠠᠵᠤ ᠴᠢᠳᠠᠭᠰᠠᠨ ᠪᠠᠶᠢᠨ᠎ᠠ᠃

     ᠥᠪᠥᠷ ᠮᠣᠩᠭᠤᠯ  ᠤᠨ ᠵᠤᠸᠠᠩ ᠲᠠᠢ  ᠹᠧᠩ ᠮᠠᠯ ᠲᠠᠷᠢᠶᠠᠯᠠᠩ ᠣᠢ ᠰᠢᠭᠤᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ  ᠺᠤᠮᠫᠠᠨᠢ ᠶᠢᠨ

ᠬᠠᠷᠢᠭᠤᠴᠠᠯᠭᠠᠳᠠᠨ ᠬᠠᠨ  ᠵᠧᠩ ᠬᠤᠸᠠ ᠰᠣᠷᠪᠤᠯᠵᠢᠯᠠᠬᠠᠴᠢ ᠳᠤ᠄ ︽ᠨᠢᠭᠡᠳᠦᠭᠡᠷ ᠬᠤᠭᠤᠴᠠᠭᠠᠨ ᠤ ᠠᠮᠳᠠᠲᠤ ᠬᠡᠮᠬᠡ ᠶᠢᠨ ᠴᠢᠬᠢ ᠪᠣᠶᠢᠵᠢᠭᠤᠯᠬᠤ᠂

ᠬᠥᠮᠥᠨ ᠤ ᠬᠦᠴᠦ ᠂ ᠲᠡᠭᠦᠬᠦ ᠵᠡᠷᠭᠡ ᠶᠢ ᠪᠠᠭᠲᠠᠭᠠᠭᠠᠳ ᠮᠤ᠋ ᠪᠦᠷᠢ ᠶᠢᠨ ᠪᠡᠯᠡ ᠣᠷᠤᠭᠤᠯᠤᠯᠲᠠ ᠨᠢ 4000 ᠲᠥᠭᠦᠷᠢᠭ ᠣᠷᠴᠢᠮ ᠲᠤ ᠬᠦᠷᠴᠦ᠂ ᠮᠦ

ᠪᠦᠷᠢ ᠶᠢᠨ ᠤᠨᠠᠯᠲᠠ ᠨᠢ 3500 ᠠᠴᠠ 4000 ᠵᠢᠩ ᠪᠠᠶᠢᠵᠤ᠂ ᠡᠨᠡ ᠬᠤᠶᠠᠷ  ᠵᠢᠯ ᠤᠨ ᠠᠮᠲᠠᠲᠤ ᠬᠡᠮᠬᠡ ᠶᠢᠨ ᠵᠢᠩ ᠪᠦᠷᠢ ᠶᠢᠨ ᠳᠤᠮᠳᠠᠴᠢ ᠦᠨ᠎ᠡ

 ᠨᠢ 3 ᠠᠴᠠ 4 ᠲᠥᠭᠦᠷᠢᠭ  ᠪᠠᠶᠢᠵᠤ᠂ ᠨᠢᠭᠡ ᠮᠦ ᠲᠠᠷᠢᠶᠠᠨ ᠤ ᠣᠷᠣᠯᠭ᠎ᠠ ᠨᠢ1300 ᠭᠠᠷᠤᠢ ᠲᠥᠭᠦᠷᠢᠭ ᠲᠤ ᠬᠦᠷᠴᠦ᠂ ᠴᠡᠪᠡᠷ ᠣᠷᠤᠯᠭ᠎ᠠ ᠪᠠᠷᠤᠭ

8000 ᠠᠴᠠ 9000 ᠲᠥᠭᠦᠷᠢᠭ ᠲᠤ ᠬᠦᠷᠴᠦ  ᠪᠣᠢ᠃ ᠪᠢᠳᠡ ᠲᠠᠬᠢᠨ ᠬᠤᠶᠠᠳᠤᠭᠠᠷ ᠡᠭᠡᠯᠵᠢ ᠶᠢᠨ ᠢᠳᠡᠰᠢᠨ ᠨᠣᠭᠤᠭ᠎ᠠ ᠲᠠᠷᠢᠪᠠᠯ ᠥᠪᠡᠷ ᠤᠨ

ᠦᠷᠲᠡᠭ ᠨᠢ ᠪᠠᠷᠤᠭ 3000 ᠲᠥᠭᠦᠷᠢᠭ ᠲᠤ ᠬᠦᠷᠴᠦ᠂ ᠬᠤᠶᠠᠳᠤᠭᠠᠷ ᠡᠭᠡᠯᠵᠢ ᠶᠢᠨ ᠴᠡᠪᠡᠷ ᠣᠷᠣᠯᠭ᠎ᠠ ᠨᠢ ᠪᠠᠷᠤᠭ 5000 ᠠᠴᠠ 7000

ᠲᠥᠬᠦᠷᠢᠭ  ᠣᠷᠴᠢᠮ ᠲᠤ ᠬᠦᠷᠴᠦ᠂  ᠬᠤᠶᠠᠷ ᠡᠭᠡᠯᠴᠢ ᠶᠢᠨ ᠲᠠᠷᠢᠭᠰᠠᠨ ᠴᠡᠪᠡᠷ ᠣᠷᠣᠯᠭ᠎ᠠ ᠨᠢ 15000  ᠣᠷᠴᠢᠮ ᠲᠥᠭᠦᠷᠢᠭ ᠳᠤ ᠬᠦᠷᠴᠦ ᠪᠠᠶᠢᠨ᠎ᠠ

︾ ᠭᠡᠵᠡᠢ᠃ 

     ᠣᠳᠣᠬᠠᠨ ᠳᠤ ᠂ ᠠᠵᠢᠯᠴᠢᠳ ᠤᠨ ᠨᠠᠷᠢᠨ ᠨᠢᠮᠪᠠᠢ ᠠᠷᠴᠢᠯᠠᠭ᠎ᠠ ᠳᠤᠲᠣᠮᠳᠠᠯᠭ᠎ᠠ ᠶᠢᠨ ᠳᠣᠣᠷ᠎ᠠ᠂  ᠬᠦᠷᠢᠶᠡᠯᠡᠩ ᠳᠤ ᠲᠠᠬᠢᠨ ᠳᠠᠷᠢᠭᠰᠠᠨ 260

ᠭᠠᠷᠤᠢ ᠬᠦᠯᠡᠮᠵᠢ ᠶᠢᠨ ᠲᠠᠷᠢᠮᠠᠯ ᠤᠨ ᠣᠷᠭᠤᠴᠠ ᠮᠠᠰᠢ ᠰᠠᠶᠢᠨ ᠪᠠᠶᠢᠨ᠎ᠠ᠃ ᠬᠦᠯᠡᠮᠵᠢ ᠳᠤ ᠲᠠᠬᠢᠨ ᠲᠠᠷᠢᠮᠠᠯ ᠲᠠᠷᠢᠬᠤ ᠨᠢ ᠬᠤᠣᠰ ᠣᠷᠤᠯᠭ᠎ᠠ ᠶᠢ  ᠦᠨᠡᠨᠬᠦ

ᠪᠡᠶᠡᠯᠡᠭᠦᠯᠵᠦ᠂ ᠲᠣᠮᠣ ᠫᠧᠩ ᠢ ᠶᠡᠷᠦᠩᠬᠡᠶᠢᠯᠡᠨ ᠠᠰᠢᠭᠯᠠᠬᠤ ᠨᠣᠷᠮ᠎ᠠ ᠪᠠ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠪᠦᠲᠦᠮᠵᠢᠲᠡᠢ

ᠳᠡᠭᠡᠭᠰᠢᠯᠡᠭᠦᠯᠦᠭᠰᠡᠨ ᠪᠥᠭᠡᠳ ᠲᠠᠷᠢᠬᠤ ᠡᠷᠦᠭᠡ ᠶᠢᠨ ᠣᠷᠣᠯᠭ᠎ᠠ ᠶᠢ  ᠨᠡᠮᠡᠭᠳᠡᠭᠦᠯᠬᠦ ᠠᠷᠭ᠎ᠠ ᠵᠠᠮ ᠢ ᠠᠯᠬᠤᠮ  ᠠᠯᠬᠤᠮ ᠢᠶᠠᠷ ᠦᠷᠭᠡᠳᠭᠡᠵᠦ᠂ ᠰᠤᠯᠠ

ᠪᠠᠶᠢᠭ᠎ᠠ ᠬᠦᠯᠡᠮᠵᠢ ᠳᠤ ᠬᠤᠶᠠᠳᠤᠭᠠᠷ ᠡᠭᠡᠯᠴᠢ ᠶᠢᠨ ᠣᠷᠣᠯᠭ᠎ᠠ  ᠣᠯᠬᠤ ᠰᠠᠶᠢᠨ ᠵᠠᠪᠰᠢᠶᠠᠨ ᠢ ᠰᠦᠪᠡᠭᠴᠢᠯᠡᠵᠦ ᠥᠭᠭᠦᠭᠰᠡᠨ ᠪᠠᠶᠢᠨ᠎ᠠ᠃

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ