ᠠᠷᠠᠳ ᠣᠯᠠᠨ ᠤ ᠡᠷᠡᠭᠦᠯ ᠮᠡᠨᠳᠦ ᠶᠢᠨ ᠡᠷᠬᠡ ᠠᠰᠢᠭ ᠢ ᠤᠯᠠᠮ ᠨᠢᠭᠡ ᠠᠯᠬᠤᠮ ᠬᠠᠮᠠᠭᠠᠯᠠᠨ᠂ ᠪᠥᠬᠦ ᠬᠤᠰᠢᠭᠤᠨ ᠤ ᠡᠯ᠎ᠡ ᠡᠮᠴᠢᠯᠡᠭᠡᠨ ᠤ | ᠪᠠᠶᠢᠭᠤᠯᠤᠮᠵᠢ ᠶᠢᠨ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ | ᠨᠡᠶᠢᠭᠡᠮ ᠤᠨ ᠬᠢᠨᠠᠯᠲᠠ ᠪᠠ ᠣᠯᠠᠨ ᠲᠦᠮᠡᠨ ᠤ ᠬᠢᠨᠠᠯᠲᠠ ᠶᠢ ᠴᠢᠩᠭᠠᠳᠬᠠᠬᠤ ᠶᠢᠨ ᠲᠥᠯᠥᠭᠡ᠂ ᠣᠲᠣ ᠤᠷᠠᠳ ᠤᠨ ᠡᠮᠦᠨᠡᠲᠦ ᠬᠤᠰᠢᠭᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠢ ᠶᠢᠨ ᠢᠯᠡᠴᠢᠯᠡᠨ ᠮᠡᠳᠡᠭᠦᠯᠬᠦ ᠤᠲᠠᠰᠤ᠂ ᠢᠯᠡᠴᠢᠯᠡᠨ | ᠮᠡᠳᠡᠭᠦᠯᠬᠦ ᠰᠢᠤᠳᠠᠨ ᠬᠠᠶᠢᠷᠴᠠᠭ ᠪᠠ ᠴᠢᠬᠡᠴᠢ ᠵᠠᠰᠠᠭ ᠤᠨ ᠲᠤᠰᠬᠠᠶ ᠲᠠᠩᠰᠠᠨ ᠨᠣᠮᠧᠷ ᠢ ᠢᠯᠭᠠᠷᠠᠭᠤᠯᠤᠨ ᠪᠤᠴᠠᠭᠠᠬᠤ ᠶᠢ ᠳᠤᠤᠷᠠᠬᠢ ᠮᠡᠲᠦ ᠨᠡᠶᠢᠲᠡᠯᠡᠶ᠎ᠡ | ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠵᠦ ᠠᠰᠠᠭᠤᠳᠠᠯ ᠢ ᠲᠤᠰᠬᠠᠬᠤ ᠳᠤ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠬᠤ ᠬᠡᠷᠡᠭᠲᠡᠢ᠂ | ᠡᠩ ᠤᠨ ᠪᠠᠶᠢᠳᠠᠯ ᠳᠤ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠢ ᠨᠢᠭᠡᠴᠢ ᠪᠤᠶᠤ ᠬᠤᠪᠢ ᠬᠥᠮᠦᠨ ᠤ ᠨᠡᠷᠡᠶᠢᠳᠦᠯ᠂ ᠡᠭᠦᠰᠦᠭᠰᠡᠨ ᠴᠠᠭ᠂ ᠪᠣᠳᠠᠲᠤ | ᠶᠠᠪᠤᠳᠠᠯ ᠤᠨ ᠲᠦᠢᠮᠣ ᠪᠠᠶᠢᠳᠠᠯ ᠵᠢᠴᠢ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠵᠡᠷᠭᠡ ᠶᠢ ᠪᠠᠭᠲᠠᠭᠠᠬᠤ ᠬᠡᠷᠡᠭᠲᠡᠢ᠃ ᠨᠡᠶᠢᠭᠡᠮ ᠤᠨ ᠡᠯ᠎ᠡ | ᠡᠲᠡᠭᠡᠳ ᠪᠣᠯᠤᠨ ᠥᠷᠭᠡᠨ ᠣᠯᠠᠨ ᠠᠷᠠᠳ ᠲᠦᠮᠡᠨ ᠤ ᠬᠠᠮᠢᠶ᠎ᠠ ᠪᠥᠬᠦᠶ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠪᠠᠶᠠᠷᠯᠠᠨ | ᠤᠭᠲᠤᠵᠤ ᠪᠠᠶᠢᠨ᠎ᠠ᠃ | ᠤᠲᠠᠰᠤ ᠭᠥᠯᠢᠶᠡᠨ ᠠᠪᠴᠤ ᠰᠢᠢᠳᠪᠦᠷᠢᠯᠡᠬᠦ ᠴᠠᠭ ᠄ | ᠠᠵᠢᠯᠯᠠᠬᠤ ᠡᠳᠦᠷ ᠤᠨ ᠦᠳᠡ ᠶᠢᠨ ᠡᠮᠦᠨᠡᠬᠢ 09᠄ 00 —12᠄ 00᠂ | ᠦᠳᠡ ᠶᠢᠨ ᠬᠤᠶᠢᠨᠠᠬᠢ 15᠄ 00 —18᠄ 00 | | | | |