ᠮᠣᠩᠭᠤᠯᠴᠤᠳ ᠤᠨ ᠳᠥᠷᠪᠡᠨ ᠤᠯᠠᠷᠢᠯ ᠤᠨ ᠨᠡᠭᠦᠳᠡᠯ ᠤᠨ ᠵᠠᠩᠰᠢᠯ ︵ᠳᠥᠷᠪᠡ︶
ᠨᠡᠶᠢᠲᠡᠯᠡᠭᠰᠡᠨ ᠴᠠᠭ᠄
2023/8/16
      ᠮᠣᠩᠭᠤᠯᠴᠤᠳ ᠲᠠᠪᠤᠨ ᠬᠤᠰᠢᠭᠤ ᠮᠠᠯ ᠢ ᠠᠷᠠᠴᠢᠯᠠᠨ ᠮᠠᠯᠵᠢᠬᠤ ᠦᠢᠯᠡᠳᠪᠦᠷᠢᠯᠡᠯ ᠬᠥᠳᠡᠯᠮᠦᠷᠢ ᠶᠢᠨ ᠶᠠᠪᠤᠴᠠ ᠳᠠᠭᠠᠨ ᠮᠠᠯ ᠠᠵᠤ ᠠᠬᠤᠢ ᠶᠢᠨ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠤᠭᠰᠠᠨ ᠶᠤᠮ᠃ ᠲᠠᠪᠤᠨ ᠬᠤᠰᠢᠭᠤ ᠮᠠᠯ ᠤᠨ ᠠᠳᠠᠯᠢ ᠪᠤᠰᠤ ᠣᠨᠴᠠᠯᠢᠭ ᠪᠣᠯᠤᠨ ᠲᠡᠳᠡᠭᠡᠷ ᠤᠨ ᠴᠠᠭ ᠠᠭᠤᠷ᠂ ᠤᠰᠤ ᠪᠡᠯᠴᠢᠭᠡᠷ ᠤᠨ ᠲᠣᠬᠢᠷᠠᠴᠠ ᠶᠢ ᠦᠨᠳᠦᠰᠦᠯᠡᠵᠦ ᠳᠥᠷᠪᠡᠨ ᠤᠯᠠᠷᠢᠯ ᠤᠨ ᠠᠭᠤᠷ ᠠᠮᠢᠰᠬᠤᠯ ᠤᠨ ᠪᠠᠶᠢᠳᠠᠯ᠂ ᠬᠤᠷ᠎ᠠ ᠲᠤᠨᠳᠠᠰᠤ᠂ ᠡᠪᠡᠰᠦ ᠪᠡᠯᠴᠢᠭᠡᠷ ᠤᠨ ᠪᠠᠶᠢᠳᠠᠯ ᠢ ᠦᠨᠳᠦᠰᠦᠯᠡᠵᠦ᠂ ᠤᠯᠠᠷᠢᠯ ᠢᠶᠠᠷ ᠨᠡᠭᠦᠳᠡᠯᠯᠡᠬᠦ ᠶᠢ ᠤᠷᠲᠤ ᠬᠤᠭᠤᠴᠠᠭ᠎ᠠ ᠪᠠᠷ ᠪᠠᠷᠢᠮᠲᠠᠯᠠᠭᠰᠠᠭᠠᠷ ᠢᠷᠡᠭᠰᠡᠨ ᠶᠤᠮ᠃ ᠢᠩᠭᠢᠵᠦ ᠳᠥᠷᠪᠡᠨ ᠤᠯᠠᠷᠢᠯ ᠢᠶᠠᠷ ᠡᠭᠡᠯᠵᠢᠯᠡᠨ ᠨᠡᠭᠦᠳᠡᠯᠯᠡᠬᠦ ᠶᠢ ᠬᠠᠪᠤᠷᠵᠢᠶ᠎ᠠ ᠳᠤ ᠭᠠᠷᠬᠤ᠂ ᠵᠤᠰᠠᠯᠠᠩ ᠳᠤ ᠪᠠᠭᠤᠬᠤ᠂ ᠨᠠᠮᠤᠷᠵᠢᠶ᠎ᠠ ᠳᠤ ᠪᠠᠭᠤᠬᠤ᠂ ᠡᠪᠦᠯᠵᠢᠶ᠎ᠡ ᠳᠤ ᠪᠠᠭᠤᠬᠤ ᠭᠡᠳᠡᠭ᠃      ᠡᠪᠦᠯᠵᠢᠶ᠎ᠡ ᠳᠤ ᠣᠷᠣᠬᠤ     ᠡᠪᠦᠯ ᠤᠨ ᠤᠯᠠᠷᠢᠯ ᠤᠨ ᠨᠡᠭᠦᠳᠡᠯ ᠨᠢ ᠮᠠᠯ ᠤᠨ ᠲᠠᠷᠭᠤ ᠬᠦᠴᠦ ᠶᠢ ᠬᠠᠮᠠᠭᠠᠯᠠᠨ᠂ ᠥᠶᠥᠭ ᠴᠠᠳᠬᠤᠯᠠᠩ ᠣᠨᠳᠣᠷᠣᠭᠤᠯᠬᠤ ᠳᠤ ᠴᠢᠭᠯᠡᠭᠦᠯᠦᠭᠰᠡᠨ ᠲᠤᠯᠠ ᠮᠠᠯᠴᠢᠳ ᠡᠪᠦᠯᠵᠢᠶ᠎ᠡ ᠶᠢᠨ ᠨᠤᠲᠤᠭ ᠢ ᠣᠨᠴᠠᠯᠠᠨ ᠴᠢᠬᠤᠯᠠᠴᠢᠯᠠᠳᠠᠭ᠃ ᠡᠪᠦᠯ ᠤᠨ ᠨᠡᠭᠦᠳᠡᠯ ᠨᠢ ᠡᠪᠡᠰᠦ ᠪᠡᠯᠴᠢᠭᠡᠷ ᠤᠨ ᠰᠠᠶᠢᠨ ᠢ ᠳᠠᠭᠠᠵᠤ᠂ ᠳᠤᠯᠠᠭᠠᠨ ᠨᠥᠮᠥᠷᠢ ᠲᠠᠢ ᠠᠭᠤᠯᠠᠨ ᠡᠩᠭᠡᠷ ᠢ ᠰᠣᠩᠭᠤᠬᠤ ᠪᠠᠷ ᠭᠤᠣᠯ ᠪᠣᠯᠭᠠᠳᠠᠭ᠃ ᠡᠪᠦᠯ ᠤᠨ ᠤᠯᠠᠷᠢᠯ ᠳᠤ ᠣᠶᠢᠷ᠎ᠠ ᠶᠢᠨ ᠪᠡᠯᠴᠢᠭᠡᠷ ᠢᠶᠠᠨ ᠨᠥᠭᠡᠴᠡᠯᠡᠨ ᠂ ᠲᠤᠩᠭᠠᠯᠠᠭ ᠰᠠᠶᠢᠬᠠᠨ ᠡᠳᠦᠷ ᠰᠠᠯᠬᠢᠨ ᠳᠣᠣᠷ᠎ᠠ ᠲᠠᠯ᠎ᠠ ᠶᠢᠨ ᠪᠡᠯᠴᠢᠭᠡᠷ ᠲᠤ ᠪᠡᠯᠴᠢᠭᠡᠵᠦ᠂ ᠰᠠᠯᠬᠢ ᠰᠢᠭᠤᠷᠭ᠎ᠠ ᠲᠠᠢ ᠡᠳᠦᠷ ᠰᠠᠯᠬᠢᠨ ᠳᠡᠭᠡᠷ᠎ᠡ ᠲᠠᠯ᠎ᠠ ᠶᠢᠨ ᠪᠡᠯᠴᠢᠭᠡᠷ ᠲᠤ ᠬᠠᠷᠢᠭᠤᠯᠳᠠᠭ᠃ ᠡᠪᠦᠯ ᠤᠨ ᠤᠯᠠᠷᠢᠯ ᠳᠤ ᠮᠠᠯ ᠰᠦᠷᠦᠭ ᠤᠨ ᠲᠠᠷᠭᠤ ᠬᠦᠴᠦ ᠶᠢ ᠬᠠᠮᠠᠭᠠᠯᠠᠬᠤ ᠳᠤ ᠡᠪᠡᠰᠦ ᠪᠡᠯᠴᠢᠭᠡᠷ ᠰᠣᠩᠭᠤᠬᠤ ᠶᠠᠪᠤᠳᠠᠯ ᠴᠢᠬᠤᠯᠠ ᠪᠠᠶᠢᠳᠠᠭ ᠠᠴᠠ ᠭᠠᠳᠠᠨ᠎ᠠ᠂ ᠵᠥᠭᠡᠯᠡᠨ ᠳᠤᠯᠠᠭᠠᠨ ᠬᠡᠪᠲᠡᠷᠢ ᠵᠠᠩᠭᠢᠯᠠᠭ᠎ᠠ ᠪᠣᠯᠳᠠᠭ ᠶᠤᠮ᠃ ᠢᠩᠭᠢᠬᠦᠯᠡᠷ ᠮᠠᠯᠴᠢᠳ ︽ᠳᠣᠯᠣᠭᠠᠨ ᠬᠤᠪᠢ ᠶᠢᠨ ᠢᠳᠡᠰᠢ᠂ ᠭᠤᠷᠪᠠᠨ ᠬᠤᠪᠢ ᠶᠢᠨ ᠬᠡᠪᠲᠡᠷᠢ︾ ᠭᠡᠵᠦ ᠬᠡᠯᠡᠳᠡᠭ᠃ ᠡᠨᠡ ᠨᠢ ᠲᠡᠳᠡᠨ ᠤ ᠤᠷᠲᠤ ᠬᠤᠭᠤᠴᠠᠭᠠᠨ ᠤ ᠮᠠᠯ ᠮᠠᠯᠵᠢᠭᠰᠠᠨ ᠦᠢᠯᠡᠳᠦᠯᠭᠡ ᠶᠢᠨ ᠳ᠋ᠦᠩᠨᠡᠯᠲᠡ ᠪᠣᠯᠣᠨ᠎ᠠ᠃ ᠡᠶᠢᠮᠦ ᠠᠴᠠ ᠡᠪᠦᠯ ᠤᠨ ᠤᠯᠠᠷᠢᠯ ᠳᠤ ᠡᠳᠦᠷ ᠲᠡᠭᠡᠨ ᠪᠡᠯᠴᠢᠭᠡᠷ ᠤᠨ ᠨᠥᠮᠥᠷᠢ ᠶᠢ ᠳᠠᠭᠠᠭᠤᠯᠵᠤ ᠬᠠᠷᠢᠭᠤᠯᠬᠤ ᠶᠢᠨ ᠬᠠᠮᠲᠤ᠂ ᠰᠥᠨᠢ ᠳᠡᠭᠡᠨ ᠳᠤᠯᠠᠭᠠᠨ ᠬᠡᠪᠲᠡᠷᠢ ᠠᠴᠠ ᠨᠢ ᠠᠩᠬᠠᠷᠳᠠᠭ᠃ ᠡᠭᠦᠨ ᠳᠤ᠂ ᠡᠪᠦᠯ ᠴᠠᠭ ᠲᠤ ᠨᠠᠷᠠ ᠡᠭᠡᠭᠡᠬᠦ ᠦᠶ᠎ᠡ ᠪᠠᠷ ᠮᠠᠯ ᠢ ᠬᠡᠪᠲᠡᠷᠢ ᠠᠴᠠ ᠨᠢ ᠬᠥᠳᠡᠯᠭᠡᠵᠦ᠂ ᠬᠡᠰᠡᠭ ᠵᠠᠭᠤᠷ᠎ᠠ ᠵᠣᠭᠰᠣᠭᠠᠭᠠᠳ᠂ ᠭᠡᠳᠡᠰᠦ ᠬᠡᠬᠡᠯᠡᠭᠦᠷ ᠤᠨ ᠦᠰᠦ ᠨᠣᠣᠰᠣ ᠨᠢ ᠰᠡᠪᠡᠷᠡᠭᠰᠡᠨ ᠤ ᠳᠠᠷᠠᠭ᠎ᠠ᠂ ᠣᠶᠢᠷ᠎ᠠ ᠵᠠᠭᠤᠷ᠎ᠠ ᠶᠢᠨ ᠪᠡᠯᠴᠢᠭᠡᠷ ᠲᠤ ᠠᠮᠠᠨ ᠤ ᠵᠠᠪᠠᠭ᠎ᠠ ᠶᠢ ᠨᠢ ᠭᠠᠷᠭᠠᠭᠠᠳ ᠰᠠᠶ᠋ᠢ ᠪᠡᠯᠴᠢᠭᠡᠨ ᠬᠠᠷᠢᠭᠤᠯᠳᠠᠭ ᠶᠤᠮ᠃ ᠣᠷᠣᠢ ᠳᠠᠭᠠᠨ ᠬᠦᠢᠲᠡᠨ ᠵᠢᠩ ᠪᠠᠭᠤᠬᠤ ᠠᠴᠠ ᠡᠮᠦᠨ᠎ᠡ ᠮᠠᠯ ᠰᠦᠷᠦᠭ ᠢᠶᠠᠨ ᠬᠤᠲᠠᠯᠠᠵᠤ᠂ ᠳᠤᠯᠠᠭᠠᠨ ᠬᠡᠪᠲᠡᠷᠢ ᠶᠢ ᠨᠢ ᠪᠠᠲᠤᠯᠠᠳᠠᠭ᠃ 
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ