ᠰᠤᠳᠤᠯᠭᠠᠨ ᠳᠤ ᠢᠯᠡᠷᠡᠬᠦᠯᠦ᠋ᠭᠰᠡᠨ ᠢᠶᠠᠷ ᠡᠳᠦᠷ ᠪᠦᠷᠢ ᠰᠢᠬᠢᠷ ᠲᠠᠢ ᠤᠮᠳᠠᠭᠠᠨ ᠤᠤᠭᠤᠳᠠᠭ ᠡᠮᠡᠭᠲᠡᠶᠢᠴᠦᠳ ᠤᠨ ᠡᠯᠢᠭᠡᠨ ᠥᠮᠡᠨ ᠳᠤ ᠨᠡᠷᠪᠡᠭᠳᠡᠬᠦ ᠲᠦᠭᠰᠢᠭᠦᠷᠢ ᠨᠢ ᠨᠠᠩ ᠶᠡᠭᠡ
ᠨᠡᠶᠢᠲᠡᠯᠡᠭᠰᠡᠨ ᠴᠠᠭ᠄
2023/8/17
    ᠣᠶᠢᠷ᠎ᠠ ᠳᠤ ︽ᠠᠮᠧᠷᠢᠺᠠ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠰᠡᠳᠬᠦᠯ︾ ᠳᠡᠭᠡᠷ᠎ᠡ ᠨᠡᠶᠢᠲᠡᠯᠡᠭᠰᠡᠨ ᠨᠢᠭᠡᠨ ᠰᠤᠳᠤᠯᠭᠠᠨ ᠢ ᠦᠨᠳᠦᠰᠦᠯᠡᠪᠡᠯ ᠂ ᠰᠢᠬᠢᠷ ᠲᠠᠢ ᠤᠮᠳᠠᠭᠠᠨ ᠪᠠᠭ᠎ᠠ ᠤᠤᠭᠤᠳᠠᠭ ᠡᠮᠡᠭᠲᠡᠶᠢᠴᠤᠳ ᠲᠠᠢ ᠬᠠᠷᠢᠴᠠᠭᠤᠯᠪᠠᠯ᠂ ᠡᠳᠦᠷ ᠪᠦᠷᠢ ᠰᠢᠬᠢᠷ ᠲᠠᠢ ᠤᠮᠳᠠᠭᠠᠨ ᠤᠤᠭᠤᠳᠠᠭ ᠡᠮᠡᠭᠳᠡᠶᠢᠴᠤᠳ ᠤᠨ ᠡᠯᠢᠭᠡᠨ ᠥᠮᠡᠨ ᠳᠤ ᠨᠡᠷᠪᠡᠭᠳᠡᠬᠦ ᠪᠠ ᠤᠳᠠᠭᠠᠨ ᠴᠢᠨᠠᠷᠲᠠᠶ ᠡᠯᠢᠭᠡᠨ ᠡᠪᠡᠳᠴᠢᠨ ᠢᠶᠠᠷ ᠥᠭᠦᠬᠦ ᠲᠦᠭᠰᠢᠭᠦᠷᠢ ᠨᠢ ᠨᠠᠩ ᠦᠨᠳᠦᠷ ᠪᠠᠶᠢᠵᠤ ᠮᠡᠳᠡᠨ᠎ᠡ᠃   ᠲᠤᠰ ᠰᠤᠳᠤᠯᠭᠠᠨ ᠳᠤ 50 ᠨᠠᠰᠤᠨ ᠠᠴᠠ 79 ᠨᠠᠰᠤᠨ ᠤ ᠬᠤᠭᠤᠷᠣᠨᠳᠣᠬᠢ ᠰᠠᠷ᠎ᠠ ᠶᠢᠨ ᠭᠬᠢᠷ ᠠᠷᠢᠯᠤᠭᠰᠠᠨ 10 ᠲᠦᠮᠡᠨ ᠡᠮᠡᠭᠲᠡᠢ ᠳᠤ ᠪᠠᠶᠢᠴᠠᠭᠠᠯᠲᠠ ᠬᠢᠭᠰᠡᠨ ᠪᠠᠶᠢᠨ᠎ᠠ᠃ ᠣᠷᠣᠯᠴᠠᠭᠰᠠᠳ ᠲᠡᠳᠡᠨ ᠤ ᠡᠩ ᠤᠨ ᠦᠶ᠎ᠡ ᠶᠢᠨ ᠰᠢᠬᠢᠷ ᠲᠠᠢ ᠤᠮᠳᠠᠭᠠᠨ ︵ᠵᠢᠮᠢᠰ ᠤᠨ ᠰᠢᠭᠦᠰᠦ ᠶᠢ ᠪᠠᠭᠲᠠᠭᠠᠬᠤ ᠦᠭᠡᠢ︶ ᠤᠤᠭᠤᠳᠠᠭ ᠬᠡᠮᠵᠢᠶ᠎ᠡ ᠪᠠᠨ ᠮᠡᠳᠡᠭᠦᠯᠪᠡ᠃ ᠮᠦᠷᠳᠡᠵᠤ ᠰᠤᠷᠪᠤᠯᠵᠢᠯᠠᠭᠰᠠᠨ ᠴᠠᠭ ᠤᠨ ᠲᠡᠭᠰᠢᠳᠭᠡᠭᠰᠡᠨ  ᠬᠡᠮᠵᠢᠶ᠎ᠡ 20 ᠵᠢᠯ ᠢ ᠳᠠᠪᠠᠵᠠᠢ᠃ᠡᠭᠦᠨ ᠤ ᠳ᠋ᠦᠩ ᠳᠤ᠂ ᠰᠠᠷ᠎ᠠ ᠳᠤ ᠭᠤᠷᠪᠠᠨ ᠴᠤᠮᠤ ᠠᠴᠠ ᠴᠦᠭᠡᠨ ᠰᠢᠬᠢᠷ ᠲᠠᠢ ᠤᠮᠳᠠᠭᠠᠨ ᠤᠤᠭᠤᠳᠠᠭ ᠡᠮᠡᠭᠲᠡᠶᠢᠴᠤᠳ ᠲᠠᠢ ᠬᠠᠷᠢᠴᠠᠭᠤᠯᠪᠠᠯ᠂ ᠡᠳᠦᠷ ᠲᠤ ᠨᠢᠭᠡ ᠴᠣᠮᠣ ᠪᠤᠶᠤ ᠨᠠᠩ ᠣᠯᠠᠨ ᠰᠢᠬᠢᠷ ᠲᠠᠢ ᠤᠮᠳᠠᠭᠠᠨ ᠤᠤᠭᠤᠳᠠᠭ ᠡᠮᠡᠭᠲᠡᠶᠢᠴᠤᠳ ᠤᠨ ᠡᠯᠢᠭᠡᠨ ᠥᠮᠡᠨ ᠳᠤ ᠨᠡᠷᠪᠡᠭᠳᠡᠬᠦ ᠲᠦᠭᠰᠢᠭᠦᠷᠢ ᠨᠢ 85% ᠦᠨᠳᠦᠷ ᠪᠠᠶᠢᠵᠤ᠂ ᠤᠳᠠᠭᠠᠨ ᠴᠢᠨᠠᠷᠲᠠᠶ ᠡᠯᠢᠭᠡᠨ ᠡᠪᠡᠳᠴᠢᠨ ᠢᠶᠠᠷ ᠥᠭᠦᠬᠦ ᠲᠦᠭᠰᠢᠭᠦᠷᠢ ᠨᠢ 68% ᠦᠨᠳᠦᠷ ᠪᠠᠶᠢᠳᠠᠭ᠃    ᠰᠤᠳᠤᠯᠭᠠᠲᠠᠳ᠂ ᠭᠡᠪᠡᠴᠦ ᠡᠨᠡ ᠨᠢ ᠵᠥᠪᠬᠡᠨ ᠨᠢᠭᠡ  ᠵᠦᠢᠯ ᠤᠨ ᠠᠵᠢᠭᠯᠠᠯᠲᠠ ᠶᠢᠨ ᠴᠢᠨᠠᠷᠲᠠᠶ ᠰᠤᠳᠤᠯᠭᠠᠨ ᠲᠡᠳᠦᠶ ᠪᠠᠶᠢᠵᠤ᠂ ᠰᠢᠯᠲᠠᠭᠠᠨ ᠦᠷ᠎ᠡ ᠶᠢᠨ ᠬᠠᠷᠢᠴᠠᠭ᠎ᠠ ᠶᠢ ᠨᠢ ᠪᠠᠰᠠ ᠲᠣᠳᠣᠷᠬᠠᠶ ᠮᠠᠭᠠᠳᠯᠠᠵᠤ ᠴᠢᠳᠠᠭᠠᠳᠤᠢ ᠮᠥᠷᠲᠡᠭᠡᠨ ᠰᠤᠳᠤᠯᠭᠠᠨ ᠤ ᠶᠠᠪᠤᠴᠠ ᠳᠤ ᠰᠤᠳᠤᠯᠤᠭᠳᠠᠬᠤ ᠡᠲᠡᠭᠡᠳ ᠤᠨ ᠥᠪᠡᠰᠦᠪᠡᠨ  ᠮᠡᠳᠡᠭᠦᠯᠦᠭᠰᠡᠨ ᠤᠮᠳᠠᠭᠠᠨ ᠤ ᠬᠡᠮᠵᠢᠶ᠎ᠡ᠂ ᠰᠢᠬᠢᠷ ᠤᠨ ᠠᠭᠤᠯᠤᠭᠳᠠᠴᠠ ᠵᠡᠷᠭᠡ ᠲᠤᠭ᠎ᠠ ᠪᠠᠷᠢᠮᠲᠠ ᠳᠤ ᠲᠦᠰᠢᠭᠯᠡᠵᠡᠢ᠂ ᠡᠶᠢᠮᠦ ᠠᠴᠠ ᠨᠠᠩ ᠣᠯᠠᠨ ᠰᠤᠳᠤᠯᠭᠠᠨ ᠢᠶᠠᠷ ᠡᠨᠡ ᠬᠦ ᠲᠦᠭᠰᠢᠭᠦᠷᠢ ᠶᠢᠨ ᠬᠠᠷᠢᠴᠠᠭ᠎ᠠ ᠬᠤᠯᠪᠣᠭ᠎ᠠ ᠶᠢ ᠰᠢᠯᠭᠠᠨ ᠪᠠᠲᠤᠯᠠᠬᠤ ᠴᠢᠬᠤᠯᠠᠲᠠᠶ᠂ ᠬᠤᠯᠪᠣᠭᠳᠠᠯ ᠪᠥᠬᠦᠶ ᠳ᠋ᠦᠩᠨᠡᠯᠲᠡ ᠨᠢ  ᠰᠢᠢᠳᠪᠦᠷᠢᠲᠣ ᠪᠣᠳᠣᠯᠭ᠎ᠠ ᠲᠣᠭᠲᠠᠭᠠᠭᠴᠢ ᠶᠢ ᠡᠯᠢᠭᠡᠨ ᠡᠪᠡᠳᠴᠢᠨ ᠤ ᠲᠦᠭᠰᠢᠭᠦᠷᠢ ᠶᠢ ᠪᠠᠭᠠᠰᠬᠠᠬᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠷᠭ᠎ᠠ ᠪᠣᠳᠣᠯᠭ᠎ᠠ ᠶᠢ ᠲᠣᠭᠲᠠᠭᠠᠬᠤ ᠳᠤ ᠲᠤᠰᠠᠯᠠᠬᠤ ᠪᠣᠯᠤᠨ᠎ᠠ ᠭᠡᠵᠦ ᠵᠢᠭᠠᠵᠤ ᠭᠠᠷᠭᠠᠪᠠ᠃   ︵ᠰᠢᠨᠬᠤᠸᠠ ᠬᠤᠷᠢᠶ᠎ᠠ ᠶᠢ ᠪᠡᠭᠡᠵᠢᠩ ᠤᠨ 8 ᠰᠠᠷ᠎ᠠ ᠶᠢᠨ 14 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ