ᠬᠠᠳᠠᠭᠠᠯᠠᠮᠵᠢ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ ᠠᠴᠠ ᠴᠥᠭᠡᠨ ᠪᠤᠰᠤ ᠤᠷᠤᠨ ᠰᠠᠭᠤᠴᠨ ᠶᠢᠨ ᠵᠠᠭᠤᠴᠢ ᠶᠢᠨ ᠬᠢᠨ ︽ᠭᠡᠷ | ᠬᠤᠳᠠᠯᠳᠤᠨ ᠠᠪᠴᠤ ᠲᠦᠷᠢᠶᠡᠰᠦ ᠬᠤᠷᠢᠶᠠᠬᠤ ᠦᠭᠬᠦᠭᠡᠵᠢ ᠶᠢᠨ ᠨᠤᠷᠮ᠎ᠠ ᠨᠢ ᠪᠠᠩᠬᠢ ᠶᠢᠨ ᠬᠠᠳᠠᠭᠠᠯᠠᠮᠵᠢ ᠶᠢᠨ ᠨᠤᠷᠮ᠎ᠠ ᠠᠴᠠ ᠥᠨᠳᠥᠷ︾ ᠭᠡᠵᠦ | ᠰᠤᠷᠳᠠᠯᠴᠢᠯᠠᠵᠦ ᠡᠬᠢᠯᠡᠵᠡᠶ᠃ ᠦᠨᠡᠬᠡᠷ ᠲᠡᠶᠢᠮᠦ ᠭᠡᠵᠦ ᠤᠤ︖ | ᠵᠦ ᠭᠧ ᠲᠤᠭ᠎ᠠ ᠪᠠᠷᠢᠮᠲᠠ ᠶᠢᠨ ᠰᠤᠳᠤᠯᠭᠠᠨ ᠤ ᠲᠥᠪ ᠤᠨ ᠳᠡᠭᠡᠳᠦ ᠲᠠᠰ ᠤᠨ ᠵᠠᠳᠠᠯᠤᠭᠴᠢ ᠭᠤᠸᠠᠨ ᠷᠦᠩ ᠰᠢᠤᠸᠠᠢ ᠢᠯᠡᠷᠬᠡᠶᠢᠯᠡᠬᠦ ᠳᠡᠭᠡᠨ᠂ | ᠬᠠᠳᠠᠭᠠᠯᠠᠮᠵᠢ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠨᠢ ᠰᠠᠭᠤᠭᠠᠯᠢ ᠠᠷᠠᠳ ᠤᠨ ᠬᠡᠷ ᠪᠠᠶᠢᠰᠢᠩ ᠬᠤᠳᠠᠯᠳᠤᠨ ᠠᠪᠴᠤ ᠲᠦᠷᠢᠶᠡᠰᠦ | ᠬᠤᠷᠢᠶᠠᠬᠤ ᠬᠦᠰᠡᠯ ᠳᠤ ᠵᠣᠬᠢᠬᠤ ᠰᠡᠳᠡᠯᠲᠡ ᠦᠭᠭᠦᠭᠰᠡᠨ ᠶᠤᠮ᠂ ᠡᠨᠡ ᠵᠢᠯ ᠪᠠᠰᠠ ᠴᠥᠭᠡᠨ ᠪᠤᠰᠤ ᠬᠤᠲᠠ ᠶᠢᠨ ᠬᠢᠨ ᠴᠦ ᠬᠡᠷ ᠪᠠᠶᠢᠰᠢᠩ ᠬᠤᠳᠠᠯᠳᠤᠨ | ᠠᠪᠬᠤ ᠪᠠᠷᠢᠮᠵᠢᠶ᠎ᠠ ᠶᠢ ᠪᠠᠭᠤᠷᠠᠭᠤᠯᠤᠭᠰᠠᠨ ᠪᠠᠶᠢᠨ᠎ᠠ᠃ ᠭᠡᠪᠡᠴᠦ ᠣᠯᠠᠩᠬᠢ ᠬᠤᠲᠠ ᠴᠥᠮ ᠭᠡᠷ ᠪᠠᠶᠢᠰᠢᠩ ᠬᠤᠳᠠᠯᠳᠤᠨ ᠠᠪᠴᠤ ᠲᠦᠷᠢᠶᠡᠰᠦ ᠬᠤᠷᠢᠶᠠᠬᠤ | ᠪᠡᠯᠡ ᠣᠷᠣᠭᠤᠯᠤᠯᠲᠠ ᠶᠢᠨ ᠬᠦᠰᠡᠯ ᠢᠶᠠᠨ ᠪᠡᠶᠡᠯᠡᠭᠦᠯᠬᠦ ᠪᠤᠶᠤ ᠬᠠᠩᠭᠠᠵᠤ ᠴᠢᠳᠠᠬᠤ ᠦᠭᠡᠢ ᠶᠤᠮ ᠭᠡᠵᠡᠢ᠃ | ᠲᠦᠷᠢᠶᠡᠰᠦᠨ ᠮᠥᠩᠭᠦ ᠶᠢᠨ ᠦᠭᠬᠦᠭᠡᠵᠢ ᠶᠢᠨ ᠨᠤᠷᠮ᠎ᠠ ᠭᠡᠳᠡᠭ ᠨᠢ ᠵᠢᠯ ᠤᠨ ᠭᠡᠷ ᠲᠦᠷᠢᠶᠡᠰᠦᠯᠡᠭᠡᠳ ᠣᠯᠤᠭᠰᠠᠨ ᠲᠦᠷᠢᠶᠡᠰᠦᠨ ᠮᠥᠩᠭᠦ ᠶᠢᠨ | ᠣᠷᠣᠯᠭ᠎ᠠ ᠪᠣᠯᠤᠨ ᠭᠡᠷ ᠪᠠᠶᠢᠰᠢᠩ ᠤᠨ ᠥᠪᠡᠷ ᠤᠨ ᠦᠷᠳᠡᠭ ᠤᠨ ᠬᠠᠷᠢᠴᠠᠯ ᠬᠡᠮᠵᠢᠭᠳᠡᠯ ᠢ ᠵᠢᠭᠠᠵᠤ᠂ ᠲᠡᠷᠡ ᠨᠢ ᠭᠡᠷ ᠪᠠᠶᠢᠰᠢᠩ ᠤᠨ ᠪᠡᠯᠡ | ᠣᠷᠣᠭᠤᠯᠤᠯᠳᠠ ᠶᠢᠨ ᠦᠨ᠎ᠡ ᠦᠷᠲᠡᠭ ᠢ ᠮᠠᠭᠠᠳᠯᠠᠨ ᠲᠣᠭᠲᠠᠭᠠᠬᠤ ᠴᠢᠬᠤᠯᠠ ᠭᠦᠢᠴᠡᠳᠭᠡᠯ ᠲᠤᠭ᠎ᠠ ᠮᠥᠨ᠂ ᠲᠤᠰ ᠬᠠᠷᠢᠴᠠᠯ ᠬᠡᠮᠵᠢᠭᠳᠡᠯ ᠨᠢ ᠬᠡᠳᠦᠶ | ᠶᠡᠭᠡ ᠪᠣᠯᠬᠤ ᠲᠤᠳᠤᠮ ᠲᠡᠳᠦᠶ ᠪᠡᠯᠡ ᠣᠷᠣᠭᠤᠯᠤᠯᠳᠠ ᠶᠢᠨ ᠦᠨ᠎ᠡ ᠦᠷᠳᠡᠭ ᠪᠤᠯᠳᠠᠭ᠃ ᠳᠡᠯᠡᠬᠡᠶ ᠳᠡᠭᠡᠷ᠎ᠡ ᠲᠦᠷᠢᠶᠡᠰᠦᠨ ᠮᠥᠩᠭᠦ ᠶᠢᠨ ᠦᠭᠬᠦᠭᠡᠵᠢ ᠶᠢᠨ | ᠨᠣᠷᠮ᠎ᠠ ᠨᠢ 3% ᠠᠴᠠ 5% ᠪᠣᠯ ᠵᠦᠶ ᠵᠣᠬᠢᠰᠲᠠᠶ ᠬᠡᠮᠵᠢᠶ᠎ᠡ ᠪᠠᠶᠢᠵᠦ᠂ 5% ᠠᠴᠠ ᠳᠡᠭᠡᠭᠰᠢᠬᠢ ᠬᠤᠲᠠ ᠪᠣᠯᠪᠠᠯ ᠬᠤᠳᠠᠯᠳᠤᠨ ᠠᠪᠬᠤ ᠪᠥᠭᠡᠳ | ᠲᠦᠷᠢᠶᠡᠰᠦᠯᠡᠭᠦᠯᠬᠦ ᠦᠨ᠎ᠡ ᠦᠷᠳᠡᠭ ᠲᠠᠢ ᠪᠠᠶᠢᠳᠠᠭ᠂ ᠲᠦᠷᠢᠶᠡᠰᠦᠨ ᠮᠥᠩᠭᠦ ᠶᠢᠨ ᠦᠭᠬᠦᠭᠡᠵᠢ ᠶᠢᠨ ᠨᠤᠷᠮ᠎ᠠ ᠨᠢ 3% ᠠᠴᠠ ᠳᠣᠷᠣᠭᠰᠢᠬᠢ ᠬᠤᠲᠠ ᠪᠣᠯ | ᠲᠦᠷᠢᠶᠡᠰᠦᠯᠡᠭᠦᠯᠬᠦ ᠪᠠᠷ ᠲᠠᠮᠵᠢᠨ ᠡᠬᠡ ᠮᠥᠩᠭᠦ ᠶᠢ ᠪᠤᠴᠠᠭᠠᠬᠤ ᠵᠣᠷᠢᠯᠭ᠎ᠠ ᠳᠤ ᠳᠣᠭᠢᠷᠠᠬᠤ ᠥᠬᠡᠶ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2022 ᠣᠨ ᠤ ᠳᠤᠮᠳᠠᠳᠤ ᠤᠯᠤᠰ ᠤᠨ ᠭᠤᠣᠯᠳᠠᠯᠭ᠎ᠠ ᠲᠠᠢ 50 ᠬᠤᠲᠠ ᠶᠢᠨ ᠲᠦᠷᠢᠶᠡᠰᠦᠨ | ᠮᠥᠩᠭᠦ ᠶᠢᠨ ᠦᠭᠬᠦᠭᠡᠵᠢ ᠶᠢᠨ ᠨᠤᠷᠮ᠎ᠠ ᠨᠢ 1.94% ᠪᠠᠶᠢᠵᠤ᠂ ᠪᠠᠷᠠᠭᠤᠨ ᠬᠤᠶᠢᠲᠤ ᠶᠢᠨ ᠬᠤᠲᠠ 2.72% ᠤᠨ ᠲᠦᠷᠢᠶᠡᠰᠦᠨ ᠮᠥᠩᠭᠦ ᠶᠢᠨ | ᠦᠭᠬᠦᠭᠡᠵᠢ ᠶᠢᠨ ᠨᠤᠷᠮ᠎ᠠ ᠪᠠᠷ ᠲᠡᠷᠢᠭᠦᠨ ᠳᠤ ᠵᠢᠭᠰᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠵᠤ ᠠᠬᠤᠶ ᠶᠢᠨ ᠲᠣᠭᠤᠷᠢᠭ ᠤᠨ ᠲᠦᠷᠢᠶᠡᠰᠦᠨ | ᠮᠥᠩᠭᠦ ᠶᠢᠨ ᠦᠭᠬᠦᠭᠡᠵᠢ ᠶᠢᠨ ᠨᠤᠷᠮ᠎ᠠ ᠨᠢ 1.74% ᠪᠠᠶᠢᠵᠤ᠂ ᠪᠦᠸᠧᠬᠠᠶ ᠲᠠᠩᠭᠢᠰ ᠢ ᠲᠣᠭᠤᠷᠢᠭᠰᠠᠨ ᠠᠵᠤ ᠠᠬᠤᠶ ᠶᠢᠨ ᠲᠣᠭᠤᠷᠢᠭ ᠤᠨ | ᠲᠦᠷᠢᠶᠡᠰᠦᠨ ᠮᠥᠩᠭᠦ ᠶᠢᠨ ᠦᠭᠬᠦᠭᠡᠵᠢ ᠶᠢᠨ ᠨᠤᠷᠮ᠎ᠠ ᠨᠢ 2.04% ᠪᠤᠯᠤᠨ᠎ᠠ᠃ | ᠠᠵᠢᠯ ᠲᠥᠷᠥᠯ ᠤᠨ ᠬᠥᠮᠦᠰ ᠤᠨ ᠵᠠᠳᠠᠯᠤᠭᠰᠠᠨ ᠢᠶᠠᠷ᠂ ᠬᠡᠳᠦ᠋ᠪᠡᠷ ᠬᠠᠳᠠᠭᠠᠯᠠᠮᠵᠢ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ ᠪᠣᠯᠪᠠᠴᠤ | ᠲᠦᠷᠢᠶᠡᠰᠦᠨ ᠮᠥᠩᠭᠦ ᠬᠢᠮᠳᠠᠷᠠᠬᠤ ᠴᠢᠨᠠᠭᠰᠢᠯᠠᠭᠠᠳ ᠬᠤᠭᠤᠰᠣᠷᠠᠬᠤ ᠪᠠᠶᠢᠳᠠᠯ ᠲᠠᠢ ᠪᠤᠯᠤᠭᠰᠠᠨ ᠠᠴᠠ ᠬᠡᠷ ᠬᠤᠳᠠᠯᠳᠤᠨ ᠠᠪᠴᠤ ᠲᠦᠷᠢᠶᠡᠰᠦ | ᠬᠤᠷᠢᠶᠠᠬᠤ ᠳᠤ ᠠᠰᠢᠭ ᠥᠬᠡᠶ ᠭᠡᠵᠡᠢ᠃ | ︵︽ᠠᠮᠢᠳᠤᠷᠠᠯ ᠤᠷᠤᠢ ᠶᠢᠨ ᠰᠤᠨᠢᠨ︾ ᠠᠴᠠ ᠤᠷᠴᠢᠭᠤᠯᠪᠡ︶ |