ᠤᠷᠠᠳ ᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠳᠤ ᠣᠨᠣᠪᠴᠢᠲᠠᠶ  ᠦᠢᠯᠡᠴᠢᠯᠡᠪᠡ
ᠨᠡᠶᠢᠲᠡᠯᠡᠭᠰᠡᠨ ᠴᠠᠭ᠄
2023/8/2
      ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠤᠨ ᠤᠷᠠᠳ ᠤᠨ ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠬᠠᠮᠲᠤᠷᠠᠨ ︽ᠣᠨᠢᠨ ᠳᠡᠭᠡᠷ᠎ᠡ ᠨᠢ ᠦᠢᠯᠡᠴᠢᠯᠡᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠣᠯᠭᠠᠭᠰᠠᠨ ᠶᠠᠷᠢᠯᠴᠠᠬᠤ ᠬᠤᠷᠠᠯ ᠢ ᠡᠷᠭᠢᠯᠡᠪᠡ᠃ ᠶᠠᠷᠢᠯᠴᠠᠬᠤ ᠬᠤᠷᠠᠯ ᠠᠴᠠ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂  ᠦᠢᠯᠡᠴᠢᠯᠡᠭᠡ ᠵᠡᠷᠭᠡ ᠠᠵᠢᠯ ᠲᠥᠷᠥᠯ ᠤᠨ 50 ᠭᠠᠷᠤᠶ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠶᠢ ᠤᠷᠢᠪᠠ᠃       ᠬᠤᠷᠠᠯ ᠳᠡᠭᠡᠷ᠎ᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢᠳ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠤᠶᠤᠴᠢᠯᠠᠨ ᠮᠡᠳᠡᠭᠦᠯᠬᠦ᠂ ︽ᠲᠣᠭᠠᠴᠢᠯᠠᠭᠰᠠᠨ ᠴᠠᠬᠢᠯᠭᠠᠨ︾ ᠪᠠᠷᠢᠮᠲᠠ ᠶᠢᠨ ᠪᠠᠷᠢᠮᠲᠠ ᠬᠢᠵᠦ ᠥᠭᠬᠦ᠂ ︽ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠤᠶᠠᠷ ᠭᠠᠶᠢᠯᠢ︾ ᠶᠢᠨ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠵᠡᠷᠭᠡ  ᠵᠦᠢᠯᠡᠰ ᠤᠨ ᠲᠤᠬᠠᠶ ᠠᠰᠠᠭᠤᠳᠠᠯ ᠢ ᠡᠯ᠎ᠡ ᠰᠠᠯᠠᠭ᠎ᠠ ᠮᠥᠴᠢᠷ ᠤᠨ ᠭᠠᠶᠢᠯᠢ ᠶᠢᠨ ᠶᠠᠪᠤᠳᠠᠯ ᠤᠨ ᠲᠥᠯᠥᠭᠡᠯᠡᠭᠴᠢ ᠨᠢᠭᠡᠳ ᠨᠢᠭᠡ ᠪᠠᠷ ᠬᠠᠷᠢᠭᠤᠯᠪᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠰᠠᠨᠠᠯ ᠰᠠᠨᠠᠭᠤᠯᠭ᠎ᠠ ᠳᠡᠪᠰᠢᠭᠦᠯᠪᠡ᠃ ᠶᠠᠷᠢᠯᠴᠠᠬᠤ ᠬᠤᠷᠠᠯ ᠢᠶᠠᠷ ᠳᠠᠮᠵᠢᠭᠤᠯᠤᠨ᠂ ︽ᠬᠤᠪᠢ ᠶᠢᠨ ᠠᠵᠤ  ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢᠨ ᠭᠤᠤᠯ ᠰᠡᠳᠦᠪ ᠢ ᠥᠷᠭᠡᠨ ᠢᠶᠠᠷ ᠤᠬᠠᠭᠤᠯᠵᠤ᠂ ᠭᠠᠶᠢᠯᠢ ᠲᠤᠰᠢᠶᠠᠭᠴᠢ ᠶᠢᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢᠨ ᠠᠵᠢᠯ ᠳᠤ ᠴᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃ ᠲᠣᠰ ᠤᠳᠠᠭᠠᠨ ᠤ ᠶᠠᠷᠢᠯᠴᠠᠬᠤ ᠬᠤᠷᠠᠯ ᠳᠤ ᠨᠡᠶᠢᠲᠡ 54 ᠬᠤᠪᠢ ᠭᠠᠶᠢᠯᠢ ᠪᠠ ᠠᠵᠤ ᠠᠬᠤᠶᠢᠯᠠᠯ ᠳᠤ ᠬᠢᠨᠠᠯᠲᠠ ᠲᠠᠯᠪᠢᠬᠤ ᠺᠠᠷᠲ ᠢ ᠭᠥᠯᠢᠶᠡᠨ ᠠᠪᠴᠤ᠂ 14 ᠵᠤᠷᠪᠤᠰ ᠠᠰᠠᠭᠤᠳᠠᠯ᠂ 2 ᠵᠤᠷᠪᠤᠰ ᠰᠠᠨᠠᠭᠤᠯᠭ᠎ᠠ ᠴᠤᠭᠯᠠᠭᠤᠯᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ