ᠤᠷᠠᠳ ᠤᠨ ᠡᠮᠦᠨᠡᠲᠦ ᠬᠤᠰᠢᠭᠤᠨ ᠤ ᠵᠢᠢ ᠮᠢᠨ ᠨᠡᠶᠢᠭᠡᠮ ᠲᠣᠭᠤᠷᠢᠭ ᠤᠨ ᠡᠮᠴᠢᠯᠡᠭᠡ ᠰᠣᠪᠢᠯᠠᠯᠲᠠ ᠶᠢᠨ ᠦᠢᠯᠡᠴᠢᠯᠡᠭᠡᠨ ᠤ ᠲᠥᠪ 380 ᠣᠷᠴᠢᠨ ᠲᠣᠭᠤᠷᠢᠨ ᠤ ᠴᠡᠪᠡᠷᠯᠡᠭᠴᠢ ᠳᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/8/23
      ᠤᠷᠠᠳ ᠤᠨ ᠡᠮᠦᠨᠡᠲᠦ ᠬᠤᠰᠢᠭᠤᠨ ᠤ  ᠵᠢᠢ ᠮᠢᠨ ᠨᠡᠶᠢᠭᠡᠮ ᠲᠣᠭᠤᠷᠢᠭ ᠤᠨ ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡᠨ ᠤ ᠲᠦᠪ ᠠᠴᠠ 380 ᠨᠡᠷᠡᠰ ᠣᠷᠴᠢᠨ ᠲᠣᠭᠤᠷᠢᠨ ᠤ ᠴᠡᠪᠡᠷᠯᠡᠭᠴᠢ ᠳᠤ ᠰᠥᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠦᠯᠡᠴᠢᠯᠡᠭᠡ ᠬᠠᠩᠭᠠᠵᠤ᠂ ᠣᠷᠴᠢᠨ ᠲᠣᠭᠤᠷᠢᠨ ᠤ ᠴᠡᠪᠡᠷᠯᠡᠭᠴᠢ ᠨᠢᠭᠡᠪᠦᠷᠢ ᠳᠤ《 ᠶᠡᠭᠡ ᠭᠡᠷ ᠪᠦᠯᠢ 》 ᠶᠢᠨ ᠬᠠᠯᠠᠭᠤᠨ ᠳᠤᠯᠠᠭᠠᠨ ᠢ ᠬᠥᠷᠲᠡᠭᠡᠵᠦ᠂ ᠪᠡᠶ᠎ᠡ ᠮᠠᠬᠠᠪᠤᠳ ᠤᠨ ᠡᠷᠡᠭᠦᠯ ᠮᠠᠨᠲᠤ ᠪᠠᠶᠢᠬᠤ ᠶᠢ ᠨᠢ ᠪᠠᠲᠤᠯᠠᠵᠤ ᠪᠠᠶᠢᠨ᠎ᠠ᠃

免费体检4.jpg

      ᠣᠶᠢᠷ᠎ᠠ ᠶᠢᠨ ᠡᠳᠦᠷ᠂  ᠵᠢᠢ ᠮᠢᠨ ᠨᠡᠶᠢᠭᠡᠮ ᠲᠣᠭᠤᠷᠢᠭ ᠤᠨ ᠡᠮᠴᠢᠯᠡᠭᠡ ᠰᠣᠪᠢᠯᠠᠯᠲᠠ ᠶᠢᠨ ᠦᠢᠯᠡᠴᠢᠯᠡᠭᠡᠨ ᠤ ᠲᠦᠪ ᠲᠤ᠂ ᠣᠷᠴᠢᠨ ᠲᠣᠭᠤᠷᠢᠨ

 ᠤ ᠴᠡᠪᠡᠷᠯᠡᠭᠴᠢᠳ ᠡᠮᠨᠡᠯᠭᠡ ᠶᠢᠨ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠮᠥᠷᠯᠡᠨ ᠵᠣᠭᠰᠣᠵᠤ ᠪᠠᠶᠢᠴᠠᠭᠠᠯᠲᠠ ᠬᠢᠬᠦ ᠪᠠᠷ ᠶᠠᠭᠠᠷᠠᠵᠠᠭᠠᠵᠤ ᠪᠠᠶᠢᠯ᠎ᠠ᠃

ᠡᠮᠨᠡᠯᠭᠡ ᠶᠢᠨ ᠠᠵᠢᠯᠲᠠᠳ ᠣᠷᠴᠢᠨ ᠲᠣᠭᠤᠷᠢᠨ ᠤ ᠴᠡᠪᠡᠷᠯᠡᠭᠴᠢ ᠨᠢᠭᠡᠪᠦᠷᠢ ᠳᠤ ᠡᠯ᠎ᠡ ᠵᠦᠢᠯ ᠤᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠬᠢᠵᠦ᠂ ᠣᠷᠴᠢᠨ

ᠲᠣᠭᠤᠷᠢᠨ ᠤ ᠴᠡᠪᠡᠷᠯᠡᠭᠴᠢᠳ ᠤᠨ ᠪᠡᠶ᠎ᠡ ᠶᠢᠨ ᠪᠠᠶᠶᠢᠴᠠᠭᠠᠯᠲᠠ ᠶᠢᠨ ᠲᠤᠭ᠎ᠠ ᠪᠠᠷᠢᠮᠲᠠ ᠶᠢ ᠨᠠᠷᠢᠨ ᠲᠡᠮᠳᠡᠭᠯᠡᠬᠦ ᠶᠢᠨ ᠬᠠᠮᠲᠤ ᠣᠷᠴᠢᠨ ᠲᠣᠭᠤᠷᠢᠨ ᠤ

ᠴᠡᠪᠡᠷᠯᠡᠭᠴᠢ ᠶᠢᠨ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠵᠤ᠂ ᠡᠷᠡᠭᠦᠯ ᠮᠡᠨᠳᠦ ᠶᠢ ᠬᠠᠮᠠᠭᠠᠯᠠᠬᠤ ᠵᠢᠯᠣᠭᠤᠳᠤᠯᠭ᠎ᠠ ᠥᠭᠴᠦ᠂ ᠣᠷᠴᠢᠨ ᠲᠣᠭᠤᠷᠢᠨ

 ᠤ ᠡᠷᠡᠭᠦᠯ ᠬᠠᠮᠠᠭᠠᠯᠠᠯ ᠤᠨ ᠠᠵᠢᠯᠴᠢᠨ ᠤ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃

免费体检5.jpg

     ᠲᠤᠰ ᠤᠳᠠᠭᠠᠨ ᠤ  ᠵᠢᠢ ᠮᠢᠨ ᠨᠡᠶᠢᠭᠡᠮ ᠲᠣᠭᠤᠷᠢᠭ ᠤᠨ ᠡᠮᠴᠢᠯᠡᠭᠡ ᠰᠣᠪᠢᠯᠠᠯᠲᠠ ᠶᠢᠨ ᠦᠢᠯᠡᠴᠢᠯᠡᠭᠡᠨ ᠤ ᠲᠦᠪ ᠨᠢ ᠣᠷᠴᠢᠨ ᠲᠣᠭᠤᠷᠢᠨ ᠤ 

ᠴᠡᠪᠡᠷᠯᠡᠭᠴᠢᠳ ᠤᠨ ᠦᠷᠭᠦᠯᠵᠢ ᠬᠤᠭ ᠨᠣᠪᠰᠢ ᠲᠠᠢ ᠣᠶᠢᠷᠠᠳᠴᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠣᠷᠴᠢᠨ ᠲᠣᠭᠤᠷᠢᠨ ᠤ ᠴᠡᠪᠡᠷᠯᠡᠭᠴᠢ ᠳᠤ

ᠡᠯᠢᠭᠡ ᠴᠢᠰᠤᠨ ᠤ ᠪᠠᠶᠢᠴᠠᠭᠠᠯᠲᠠ ᠵᠡᠷᠭᠡ ᠪᠠᠶᠢᠴᠠᠭᠠᠯᠲᠠ ᠶᠢᠨ ᠲᠥᠷᠥᠯ ᠵᠦᠢᠯ ᠢ ᠬᠠᠩᠭᠠᠵᠤ ᠂ ᠣᠷᠴᠢᠨ ᠲᠣᠭᠤᠷᠢᠨ ᠤ ᠴᠡᠪᠡᠷᠯᠡᠭᠴᠢᠳ ᠢ  ᠬᠠᠪᠰᠤᠷᠴᠤ

᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ  ᠨᠢ  ᠴᠠᠭ ᠲᠤᠬᠠᠢ  ᠳᠤᠨᠢ ᠣᠶᠢᠯᠠᠭᠠᠭᠤᠯᠵᠤ᠂ ᠡᠪᠡᠳᠴᠢᠨ ᠡᠮᠭᠡᠭ ᠢ ᠡᠷᠲᠡ ᠢᠯᠡᠷᠡᠭᠦᠯᠭᠦ᠂ 

ᠡᠷᠲᠡ ᠰᠡᠷᠭᠡᠶᠢᠯᠡᠬᠦ᠂  ᠡᠷᠲᠡ ᠤᠨᠤᠰᠢᠯᠠᠬᠤ᠂ ᠡᠷᠲᠡ ᠡᠮᠨᠡᠨ ᠵᠠᠰᠠᠬᠤ ᠶᠢ ᠪᠡᠶᠡᠯᠡᠭᠦᠯᠵᠦ᠂ ᠲᠡᠳᠡᠨ ᠳᠤ ᠨᠡᠶᠢᠭᠡᠮ  ᠤᠨ ᠬᠠᠶᠢᠷ᠎ᠠ ᠬᠠᠯᠠᠮᠵᠢ ᠶᠢ ᠬᠦᠷᠲᠡᠭᠡᠵᠦ

ᠪᠠᠶᠢᠨ᠎ᠠ᠃

免费体检6.jpg

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ