ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠵᠢᠴᠢ 2023 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/23
    8 ᠰᠠᠷ᠎ᠠ ᠶᠢᠨ 21 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠵᠢᠴᠢ 2023 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

1.jpg

    ᠬᠤᠷᠠᠯ ᠠᠴᠠ 7 ᠰᠠᠷ᠎ᠠ ᠶᠢᠨ 24 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ

ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃   ᠬᠤᠷᠠᠯ ᠳᠤ ᠂ ᠦᠵᠡᠯ ᠰᠠᠨᠠᠭ᠎ᠠ ᠪᠠ ᠦᠢᠯᠡ

ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠭᠤᠣᠯ ᠠᠭᠤᠯᠭ᠎ᠠ ᠪᠠ

ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠣᠨᠣᠪᠴᠢᠲᠠᠢ ᠡᠵᠡᠮᠳᠡᠵᠦ᠂ ᠪᠦᠬᠦ

ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠣᠶᠠᠯᠳᠣᠭᠤᠯᠣᠨ᠂ ᠰᠠᠨᠠᠭᠠᠴᠢᠯᠠᠭ᠎ᠠ ᠠᠴᠠ ᠪᠠᠨ ᠬᠤᠷᠠᠯ ᠤᠨ ᠵᠣᠷᠢᠭ ᠰᠠᠨᠠᠭ᠎ᠠ ᠠᠴᠠ ᠠᠷᠭ᠎ᠠ ᠵᠠᠮ᠂

ᠬᠠᠷᠢᠭᠤᠯᠲᠠ ᠶᠢ ᠬᠠᠶᠢᠵᠤ᠂ ᠦᠵᠡᠯ ᠰᠠᠨᠠᠭᠠᠨ ᠤ ᠴᠢᠬᠤᠯᠠ ᠠᠭᠤᠯᠭ᠎ᠠ ᠶᠢ ᠲᠣᠳᠣᠷᠬᠠᠶᠢᠯᠠᠨ᠂ ᠠᠵᠢᠯ ᠤᠨ ᠭᠤᠣᠯᠳᠠᠯᠭ᠎ᠠ ᠶᠢ ᠡᠵᠡᠮᠳᠡᠨ᠂ ᠬᠤᠷᠠᠯ ᠤᠨ

ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ

ᠦᠨᠡᠨ ᠬᠦ ᠥᠷᠢᠰᠥᠯᠳᠦᠨ ᠠᠵᠢᠯᠯᠠᠬᠤ᠂ ᠡᠷᠡᠯᠬᠡᠭᠯᠡᠨ ᠤᠷᠤᠭᠰᠢᠯᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠤᠷᠠᠳ ᠤᠨ ᠡᠮᠦᠨᠡᠲᠦ

ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

2.jpg

    ᠬᠤᠷᠠᠯ ᠠᠴᠠ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂

ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ︽ᠳᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ

ᠡᠷᠡᠰ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠠᠵᠤ

ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠢᠳᠡᠭᠡᠨ ᠤ ᠠᠮᠤᠷ ᠲᠦᠪᠰᠢᠨ ᠤ

ᠡᠬᠢ ᠡᠭᠦᠰᠦᠯ ᠠᠴᠠ ᠨᠢ ᠵᠠᠰᠠᠬᠤ ᠪᠠ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ ᠲᠤᠰᠬᠠᠢ ᠴᠡᠭᠴᠡᠯᠡᠨ

ᠵᠠᠰᠠᠯᠲᠠ ᠶᠢ ᠥᠷᠨᠢᠭᠦᠯᠵᠦ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠠ ᠵᠠᠰᠠᠯᠲᠠ ᠶᠢᠨ ᠲᠦᠪᠰᠢᠨ ᠢ

ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠷᠭᠡᠨ ᠤᠯᠠᠨ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠬᠤ

ᠬᠡᠷᠡᠭᠲᠡᠢ᠃ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠡᠯ᠎ᠡ ᠵᠦᠢᠯ ᠤᠨ ᠡᠭᠦᠷᠭᠡ ᠶᠢ ᠪᠥᠬᠦ ᠬᠦᠴᠦᠨ ᠢᠶᠠᠷ  ᠢᠶᠠᠨ

ᠠᠬᠢᠭᠤᠯᠵᠤ᠂ ᠢᠳᠡᠭᠡᠨ ᠪᠠ ᠡᠮ ᠤᠨ  ᠵᠦᠢᠯ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠪᠠ ᠵᠥᠪ ᠲᠠᠯ᠎ᠠ ᠶᠢᠨ ᠶᠠᠷᠢᠶ᠎ᠠ ᠬᠡᠯᠡᠯᠴᠡᠭᠡ ᠶᠢ

ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠠᠷᠠᠳ ᠣᠯᠠᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ

ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠢᠳᠡᠭᠡᠨ ᠪᠠ ᠡᠮ ᠤᠨ ᠵᠦᠢᠯ ᠤᠨ ᠬᠠᠤᠯᠢ ᠠᠴᠠ

ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ

ᠵᠠᠰᠠᠬᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠪᠠᠶᠢᠷᠢᠰᠢᠯ ᠢ ᠪᠠᠶᠢᠭᠤᠯᠵᠤ᠂

ᠪᠣᠯᠪᠠᠰᠣᠨ ᠬᠤᠲᠠ ᠪᠠᠶᠢᠭᠤᠯᠬᠤ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠬᠡᠪᠡ᠃

    ᠬᠤᠷᠠᠯ ᠠᠴᠠ ︽ᠤᠷᠠᠳ ᠤᠨ ᠡᠮᠦᠨᠡᠲᠦ ᠬᠤᠰᠢᠭᠤᠨ ᠤ ᠬᠠᠲᠤᠨ ᠭᠤᠤᠯ ᠤᠨ ᠤᠰᠤᠯᠠᠯᠲᠠ ᠶᠢᠨ ᠣᠷᠣᠨ ᠤ ᠡᠴᠦᠰ ᠤᠨ ᠰᠤᠪᠠᠭ ᠤᠨ ᠰᠢᠰᠲ᠋ᠧᠮ ᠤᠨ

ᠲᠠᠷᠢᠶᠠᠯᠠᠩ ᠳᠤ ᠬᠡᠷᠡᠭᠯᠡᠬᠦ ᠤᠰᠤᠨ ᠤ ᠵᠥᠪᠳᠡᠯᠴᠡᠨ ᠦᠨ᠎ᠡ ᠲᠣᠭᠲᠠᠭᠠᠬᠤ ᠶᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ ︵ᠲᠤᠷᠰᠢᠨ

ᠬᠡᠷᠡᠭᠵᠢᠭᠦᠯᠬᠦ︶ ︵ᠬᠢᠨᠠᠭᠤᠯᠬᠤ ᠨᠤᠤᠷᠠᠭ︶︾᠂ ︽ᠤᠷᠠᠳ ᠤᠨ ᠡᠮᠦᠨᠡᠲᠦ ᠬᠤᠰᠢᠭᠤᠨ ᠤ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ

ᠲᠠᠯᠠᠪᠠᠶ ᠶᠢᠨ 2023 ᠣᠨ ᠤ 7 ᠰᠠᠷ᠎ᠠ ᠠᠴᠠ 2024 ᠣᠨ ᠤ 6 ᠰᠠᠷ᠎ᠠ  ᠪᠣᠯᠲᠠᠯᠠᠬᠢ ᠲᠠᠷᠢᠶᠠᠯᠠᠩ ᠤᠨ ᠬᠠᠲᠤᠨ ᠭᠤᠤᠯ ᠤᠨ ᠤᠰᠤ ᠶᠢ ᠰᠢᠭᠤᠳ

ᠲᠠᠲᠠᠬᠤ ᠬᠡᠮᠵᠢᠶ᠎ᠡ ᠶᠢᠨ ᠬᠦᠢᠴᠡᠳᠭᠡᠯ ᠲᠤᠭ᠎ᠠ ᠶᠢ ᠬᠤᠪᠢᠶᠠᠷᠢᠯᠠᠬᠤ ᠲᠥᠰᠦᠯ ︵ᠬᠢᠨᠠᠭᠤᠯᠬᠤ ᠨᠤᠤᠷᠠᠭ︶︾᠂ ︽ᠤᠷᠠᠳ ᠤᠨ ᠡᠮᠦᠨᠡᠲᠦ ᠬᠤᠰᠢᠭᠤᠨ ᠤ

ᠲᠠᠷᠢᠶᠠᠯᠠᠩ ᠤᠨ ᠤᠰᠤᠯᠠᠯᠲᠠ ᠶᠢᠨ ᠮᠠᠰᠢᠨᠴᠢᠯᠠᠭᠰᠠᠨ ᠴᠠᠬᠢᠯᠭᠠᠨ ᠬᠤᠳᠳᠤᠭ ᠤᠨ ︽ᠳᠥᠷᠪᠡᠨ ᠳᠡᠰ ᠤᠨ ᠬᠤᠳᠳᠤᠭ ᠤᠨ ᠳᠠᠷᠤᠭ᠎ᠠ︾ ᠶᠢᠨ ᠲᠦᠷᠢᠮ ᠤᠨ

ᠬᠠᠮᠢᠶᠠᠷᠤᠯᠲᠠ ᠶᠢᠨ ᠪᠠᠶᠢᠭᠤᠯᠤᠯ ᠤᠨ ᠠᠵᠢᠯ ᠤᠨ ᠬᠡᠷᠡᠭᠵᠢᠭᠦᠯᠬᠦ ᠲᠥᠰᠦᠯ ︵ᠶᠠᠷᠢᠯᠴᠠᠬᠤ ᠨᠤᠤᠷᠠᠭ︶︾᠂ ︽︿ᠤᠮᠠᠷᠠᠲᠤ ᠶᠢᠨ ᠭᠤᠷᠪᠠᠨ ᠣᠷᠣᠨ﹀ ᠤ

ᠵᠢᠷᠭᠤᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ ᠬᠠᠲᠤᠨ

ᠭᠤᠤᠯ ᠤᠨ ︿几 ᠦᠰᠦᠭᠲᠣ ᠶᠢᠨ ᠲᠣᠬᠤᠢ﹀ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠥᠯᠥᠪᠵᠢᠭᠦᠯᠭᠡ ᠶᠢ ᠰᠠᠶᠢᠲᠤᠷ ᠬᠢᠬᠦ ᠲᠤᠬᠠᠶ ︵

ᠬᠢᠨᠠᠭᠤᠯᠬᠤ ᠨᠤᠤᠷᠠᠭ︶︾  ᠢ ᠬᠢᠨᠠᠨ ᠵᠦᠪᠯᠡᠪᠡ ᠃

    ᠬᠤᠷᠠᠯ ᠠᠴᠠ᠂ ᠲᠤᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ  ᠤᠰᠤ

ᠠᠷᠪᠢᠯᠠᠬᠤ ᠳᠤ ᠲᠣᠰᠠᠲᠠᠢ ᠤᠰᠤᠯᠠᠯᠲᠠ ᠶᠢᠨ ᠠᠷᠭ᠎ᠠ ᠶᠢ ᠰᠦᠪᠡᠭᠴᠢᠯᠡᠵᠦ᠂ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠲᠠᠷᠢᠶᠠᠨ ᠭᠠᠵᠠᠷ ᠤᠨ

ᠤᠰᠤᠯᠠᠯᠲᠠ ᠳᠤ ᠬᠡᠷᠡᠭᠯᠡᠬᠦ ᠤᠰᠤ ᠶᠢ ᠪᠦᠲᠦᠮᠵᠢᠲᠡᠢ ᠠᠰᠢᠭᠯᠠᠬᠤ ᠦᠷ᠎ᠡ ᠪᠦᠲᠦᠮᠵᠢ ᠶᠢ  ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ ᠤᠨ ᠤᠰᠤᠯᠠᠯᠲᠠ ᠶᠢᠨ

ᠮᠠᠰᠢᠨᠴᠢᠯᠠᠭᠰᠠᠨ ᠴᠠᠬᠢᠯᠭᠠᠨ ᠬᠤᠳᠳᠤᠭ ᠤᠨ ︽ᠳᠥᠷᠪᠡᠨ ᠱᠠᠲᠤᠨ ᠤ ᠬᠤᠳᠳᠤᠭ ᠤᠨ ᠳᠠᠷᠤᠭ᠎ᠠ︾ ᠶᠢᠨ ᠲᠦᠷᠢᠮ ᠢ ᠢᠳᠡᠪᠬᠢᠲᠡᠶ ᠬᠡᠷᠡᠭᠵᠢᠭᠦᠯᠦᠨ

ᠨᠠᠶᠢᠳᠠᠪᠤᠷᠢᠵᠢᠭᠤᠯᠵᠤ᠂ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶᠢᠯᠠᠨ᠂ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ

ᠨᠠᠶᠢᠳᠠᠪᠤᠷᠢᠵᠢᠭᠤᠯᠵᠤ᠂ ᠬᠠᠮᠢᠶᠠᠷᠴᠤ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠨᠢᠭᠲᠠ

ᠬᠠᠮᠵᠢᠯᠴᠠᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠠᠮᠵᠢᠯᠴᠠᠨ ᠰᠠᠶᠢᠲᠤᠷ ᠬᠢᠵᠦ᠂ ᠠᠷᠭ᠎ᠠ

ᠪᠦᠬᠦᠨ ᠢ ᠰᠦᠪᠡᠭᠴᠢᠯᠡᠵᠦ ᠪᠠᠶᠢᠭᠠᠳ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠤᠰᠢᠶᠠᠭᠰᠠᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠮᠠᠨ ᠤ

ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠬᠡᠵᠡᠢ᠃

ᠬᠤᠷᠠᠯ ᠠᠴᠠ ᠪᠠᠰᠠ ᠤᠷᠠᠳ ᠤᠨ ᠡᠮᠦᠨᠡᠲᠦ ᠬᠤᠰᠢᠭᠤᠨ ᠤ ᠬᠤᠶ ᠹᠧᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ 10 GW ᠰᠠᠯᠬᠢ ᠬᠡᠷᠡᠯ ᠤᠨ ᠰᠢᠨ᠎ᠡ

ᠡᠨᠧᠷᠭᠢ ᠶᠢᠨ ᠲᠥᠷᠥᠯ ᠵᠦᠢᠯ ᠤᠨ ᠭᠠᠵᠠᠷ ᠰᠢᠷᠣᠶ ᠬᠡᠷᠡᠭᠯᠡᠬᠦ ᠡᠷᠬᠡ ᠶᠢ ᠳᠠᠭᠠᠭᠠᠴᠢᠯᠠᠨ  ᠠᠪᠬᠤ᠂ 2019 ᠣᠨ ᠠᠴᠠ 2022 ᠣᠨ ᠪᠣᠯᠲᠠᠯ᠎ᠠ

ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠲᠥᠷᠥᠯ  ᠵᠦᠢᠯ ᠢ ᠬᠡᠷᠡᠭᠵᠢᠭᠦᠯᠵᠦ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠲᠠᠷᠢᠶᠠᠨ

ᠭᠠᠵᠠᠷ ᠤᠨ ᠬᠥᠮᠥᠷᠭᠡ ᠳᠤ ᠣᠷᠣᠭᠤᠯᠬᠤ ᠵᠡᠷᠭᠡ ᠬᠤᠯᠪᠣᠭᠳᠠᠯ ᠪᠥᠬᠦᠶ ᠤᠴᠢᠷ ᠢ ᠰᠤᠳᠤᠯᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ