ᠬᠡᠷᠡᠭ ᠤᠨ ᠵᠢᠱᠢᠶ᠎ᠡ | ᠸᠠᠩ ᠨᠠᠰᠤᠲᠠᠨ ᠠᠮᠢᠳᠤ ᠪᠠᠶᠢᠬᠤ ᠳᠠᠭᠠᠨ ᠰᠢᠶᠣᠤ ᠮᠢᠩ ᠠᠴᠠ 20 ᠲᠦᠮᠡᠨ ᠲᠥᠭᠦᠷᠢᠭ ᠵᠢᠭᠡᠯᠡᠵᠦ᠂ ᠰᠢᠶᠣᠤ ᠮᠢᠩ ᠣᠯᠠᠨ ᠤᠳᠠᠭ᠎ᠠ ᠨᠡᠬᠡᠭᠰᠡᠨ | ᠪᠤᠯᠪᠠᠴᠤ ᠪᠤᠴᠠᠭᠠᠭᠰᠠᠨ ᠦᠭᠡᠢ᠃ ᠸᠠᠩ ᠨᠠᠰᠤᠲᠠᠨ ᠨᠠᠰᠤ ᠪᠠᠷᠠᠭᠰᠠᠨ ᠤ ᠲᠠᠷᠠᠭ᠎ᠠ᠂ ᠰᠢᠶᠤᠤ ᠮᠢᠩ ᠸᠠᠩ ᠨᠠᠰᠤᠲᠠᠨ ᠤ ᠬᠦᠦ ᠰᠢᠶᠤᠤ ᠸᠠᠩ ᠢ ᠰᠢᠭᠦᠬᠦ | ᠬᠤᠷᠢᠶᠠᠨ ᠳᠤ ᠵᠠᠭᠠᠯᠳᠤᠵᠦ᠂ ᠰᠢᠶᠤᠤ ᠸᠠᠩ ᠡᠴᠢᠭᠡ ᠶᠢᠨ ᠢᠶᠠᠨ 20 ᠲᠦᠮᠡᠨ ᠲᠥᠭᠦᠷᠢᠭ ᠤᠨ ᠵᠢᠭᠡᠯᠡᠯᠭᠡ ᠶᠢ ᠪᠤᠴᠠᠭᠠᠬᠤ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ ᠭᠡᠵᠦ ᠱᠠᠭᠠᠷᠳᠠᠵᠠᠢ᠃ ᠰᠢᠶᠤᠤ ᠸᠠᠩ ᠲᠤᠬᠠᠢ ᠶᠢᠨ ᠲᠢᠩᠬᠢᠮ ᠳᠤ ᠡᠴᠢᠭᠡ ᠶᠢᠨ ᠢᠶᠠᠨ ᠥᠪ ᠬᠥᠷᠤᠩᠭᠡ ᠶᠢ ᠵᠠᠯᠭᠠᠮᠵᠢᠯᠠᠬᠤ ᠪᠠᠨ ᠪᠤᠯᠢᠨ᠎ᠠ᠂ | ᠡᠴᠢᠭᠡ ᠶᠢᠨ ᠢᠶᠠᠨ ᠥᠭᠴᠡᠭᠡ ᠶᠢ ᠡᠭᠦᠷᠭᠡᠯᠡᠬᠦ ᠦᠭᠡᠢ ᠭᠡᠵᠦ ᠢᠯᠡᠷᠬᠡᠶᠢᠯᠡᠵᠡᠢ᠃ ᠲᠡᠭᠡᠪᠡᠯ᠂ ᠰᠢᠶᠤᠤ ᠸᠠᠩ ᠡᠴᠢᠬᠡ ᠶᠢᠨ ᠢᠶᠠᠨ ᠥᠭᠴᠡᠭᠡ ᠳᠤ | ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠦᠦ︖ | ᠬᠠᠤᠯᠢ ᠢᠶᠠᠷ ᠲᠠᠶᠢᠯᠪᠤᠷᠢᠯᠠᠬᠤ ᠨᠢ | ᠬᠡᠷᠡᠭ ᠥᠬᠡᠶ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠵᠢᠷᠠᠨ ᠨᠢᠭᠡᠳᠦᠭᠡᠷ ᠵᠦᠢᠯ ᠳᠤ᠂ ᠥᠪ ᠵᠠᠯᠭᠠᠮᠵᠢᠯᠠᠭᠴᠢ ᠣᠯᠤᠭᠰᠠᠨ ᠥᠪ | ᠬᠦᠷᠦᠩᠭᠡ ᠶᠢᠨ ᠢᠶᠠᠨ ᠪᠣᠳᠠᠲᠤ ᠦᠷᠳᠡᠭ ᠢᠶᠠᠷ ᠬᠢᠵᠠᠭᠠᠷ ᠪᠣᠯᠭᠠᠵᠤ ᠥᠪ ᠵᠠᠯᠭᠠᠮᠵᠢᠯᠠᠭᠤᠯᠤᠭᠴᠢ ᠶᠢᠨ ᠬᠠᠤᠯᠢ ᠶᠣᠰᠣᠭᠠᠷ ᠲᠤᠰᠢᠶᠠᠬᠤ ᠶᠣᠰᠣᠲᠠᠢ | ᠭᠠᠶᠢᠯᠢ ᠶᠢᠨ ᠵᠣᠭᠤᠰ ᠪᠠ ᠥᠭᠴᠡᠭᠡ ᠶᠢ ᠲᠦᠯᠤᠵᠤ ᠳᠠᠭᠤᠰᠬᠠᠨ᠎ᠠ ᠭᠡᠵᠦ ᠲᠣᠭᠲᠠᠭᠠᠵᠠᠢ᠃ ᠥᠪ ᠬᠦᠷᠦᠩᠬᠡ ᠶᠢᠨ ᠪᠣᠳᠠᠲᠤ ᠦᠷᠲᠡᠭ ᠠᠴᠠ ᠬᠡᠲᠦᠷᠡᠭᠰᠡᠨ | ᠬᠡᠰᠡᠭ ᠢ ᠥᠪ ᠵᠠᠯᠭᠠᠮᠵᠢᠯᠠᠭᠴᠢ ᠰᠠᠶᠢᠨ ᠳᠤᠷ᠎ᠠ ᠠᠴᠠ ᠪᠠᠨ ᠲᠦᠯᠦᠬᠦ ᠨᠢ ᠡᠭᠦᠨ ᠳᠤ ᠬᠢᠵᠠᠭᠠᠷᠯᠠᠭᠳᠠᠬᠤ ᠦᠭᠡᠢ᠃ ᠥᠪ ᠵᠠᠯᠭᠠᠮᠵᠢᠯᠠᠭᠴᠢ ᠨᠢ ᠥᠪ | ᠵᠠᠯᠭᠠᠮᠵᠢᠯᠠᠬᠤ ᠦᠭᠡᠢ ᠪᠣᠯ ᠥᠪ ᠵᠠᠯᠭᠠᠮᠵᠢᠯᠠᠭᠤᠯᠤᠭᠴᠢ ᠶᠢᠨ ᠬᠠᠤᠯᠢ ᠶᠣᠰᠣᠭᠠᠷ ᠲᠤᠰᠢᠶᠠᠪᠠᠰᠤ ᠵᠣᠬᠢᠬᠤ ᠭᠠᠶᠢᠯᠢ ᠶᠢᠨ ᠮᠥᠩᠭᠦ ᠪᠠ ᠥᠷᠢ ᠶᠢ ᠲᠥᠯᠥᠬᠦ | ᠬᠠᠷᠢᠭᠤᠴᠠᠯᠭ᠎ᠠ ᠡᠭᠦᠷᠭᠡᠯᠡᠬᠦ ᠦᠭᠡᠢ ᠪᠠᠶᠢᠵᠤ ᠪᠣᠯᠤᠨ᠎ᠠ᠃ | |