ᠪᠤᠯᠴᠢᠩ ᠬᠢᠭᠡᠳ ᠴᠡᠭᠡᠵᠢᠯᠡᠬᠦ ᠴᠢᠳᠠᠪᠤᠷᠢ | ᠠᠦ᠋ᠰᠳ᠋ᠷᠠᠯᠢᠶ᠎ᠠ ᠶᠢᠨ ᠰᠢᠨ᠎ᠡ ᠸᠢᠷᠱ ᠵᠸᠤ ᠶᠢᠨ ᠶᠡᠭᠡ ᠰᠣᠷᠭᠠᠭᠤᠯᠢ ᠶᠢᠨ ᠶᠡᠭᠡ ᠲᠠᠷᠢᠬᠢᠨ ᠤ ᠡᠷᠡᠭᠦᠯᠵᠢᠯ ᠤᠨ ᠲᠦᠪ ᠤᠨ ᠰᠣᠳᠣᠯᠭᠠᠳᠠᠳ ᠤᠨ | ᠣᠯᠵᠤ ᠮᠡᠳᠡᠭᠰᠡᠨ ᠢᠶᠠᠷ᠂ ᠪᠤᠯᠴᠢᠩ ᠢᠶᠠᠨ ᠪᠤᠯᠪᠠᠰᠤᠷᠠᠪᠠᠯ ᠬᠦᠮᠦᠨ ᠤ ᠲᠠᠨᠢᠬᠤᠢ ᠶᠢᠨ ᠴᠢᠳᠠᠪᠤᠷᠢ ᠶᠢ ᠲᠡᠭᠡᠭᠰᠢᠯᠡᠭᠦᠯᠵᠦ᠂ ᠴᠡᠭᠡᠵᠢᠯᠡᠬᠦ ᠴᠢᠳᠠᠪᠤᠷᠢ ᠶᠢ | ᠲᠡᠭᠡᠭᠰᠢᠯᠡᠭᠦᠯᠳᠡᠭ᠃ ᠪᠤᠯᠴᠢᠩ ᠤᠨ ᠴᠢᠳᠠᠯ ᠬᠢᠭᠡᠳ ᠶᠡᠭᠡ ᠲᠠᠷᠢᠬᠢᠨ ᠤ ᠲᠠᠨᠢᠬᠤᠢ ᠶᠢᠨ ᠴᠢᠳᠠᠪᠬᠢ ᠶᠢᠨ ᠬᠤᠭᠤᠷᠤᠨᠳᠣᠬᠢ ᠬᠠᠷᠢᠴᠠᠭ᠎ᠠ ᠶᠢ ᠭᠦᠨᠵᠡᠭᠡᠢ | ᠰᠦᠪᠡᠭᠴᠢᠯᠡᠬᠦ ᠶᠢᠨ ᠲᠦᠯᠦᠭᠡ᠂ ᠰᠤᠳᠤᠯᠭᠠᠳᠠᠳ ᠬᠡᠰᠡᠭ ᠬᠦᠩᠭᠡᠨ ᠰᠢᠭ ᠲᠠᠨᠢᠬᠤᠢ ᠶᠢᠨ ᠴᠢᠳᠠᠪᠤᠷᠢ ᠶᠢᠨ ᠬᠠᠷᠰᠢ ᠲᠠᠢ ᠰᠠᠶᠢᠨ ᠳᠣᠷᠠᠴᠤᠤᠯ ᠢ ᠡᠯᠰᠡᠨ | ᠳᠣᠭᠤᠶᠢᠯᠠᠩ ᠬᠤᠪᠢᠶᠠᠵᠤ ᠬᠡᠮᠵᠢᠨ ᠳᠤᠷᠰᠢᠭᠰᠠᠨ ᠤ ᠬᠠᠮᠳᠤ ᠲᠡᠳᠡᠨ ᠤ ᠲᠠᠷᠢᠬᠢᠨ ᠤ ᠬᠡᠰᠡᠭ ᠤᠨ ᠲᠠᠮᠢᠷ ᠤᠨ ᠬᠦᠳᠡᠯᠭᠡᠭᠡᠨ ᠤ ᠪᠠᠶᠢᠳᠠᠯ ᠢ ᠬᠡᠮᠵᠢᠪᠡ᠃ | ᠨᠢᠭᠡ ᠳᠤᠭᠤᠶᠢᠯᠠᠩ ᠤᠨ ᠰᠠᠶᠢᠨ ᠳᠤᠷᠠᠴᠤᠤᠯ ᠢᠶᠠᠷ ᠭᠠᠷᠠᠭ ᠪᠦᠷᠢ ᠬᠤᠶᠠᠷ ᠣᠳᠠᠭ᠎ᠠ ᠬᠦᠨᠳᠦ ᠶᠢ ᠡᠷᠭᠦᠭᠦᠯᠦᠨ᠂ ᠡᠭᠦᠨ ᠢ 6 ᠰᠠᠷ᠎ᠠ ᠪᠠᠷᠢᠮᠳᠠᠯᠠᠭᠤᠯᠪᠠ︔ | ᠨᠦᠭᠦᠭᠡ ᠨᠢᠭᠡ ᠳᠣᠭᠤᠶᠢᠯᠠᠩ ᠤᠨ ᠬᠢᠨ ᠢᠶᠠᠷ ᠶᠠᠮᠠᠷ ᠴᠤ ᠪᠤᠯᠪᠠᠰᠣᠷᠠᠯ ᠬᠢᠯᠭᠡᠭᠰᠡᠨ ᠦᠭᠡᠢ᠃ ᠡᠭᠦᠨ ᠤ ᠲᠠᠷᠠᠭ᠎ᠠ ᠰᠤᠳᠤᠯᠭᠠᠳᠠᠳ ᠨᠠᠰᠣᠵᠢᠯ ᠤᠨ ᠮᠡᠨᠡᠭ | ᠡᠪᠡᠳᠴᠢᠨ ᠢ ᠦᠨᠡᠯᠡᠬᠦ ᠵᠠᠭᠪᠤᠷ ᠢᠶᠠᠷ ᠰᠤᠳᠤᠯᠭᠠᠨ ᠤ ᠨᠢᠭᠤᠷᠯᠠᠯ ᠤᠨ ᠢᠶᠠᠨ ᠲᠠᠨᠢᠬᠤᠢ ᠶᠢᠨ ᠴᠢᠳᠠᠪᠤᠷᠢ ᠳᠤ ᠦᠨᠡᠯᠡᠯᠳᠡ ᠬᠢᠪᠡ᠃ ᠡᠭᠦᠨ ᠳᠤ᠂ ᠪᠤᠯᠴᠢᠩ | ᠪᠤᠯᠪᠠᠰᠤᠷᠠᠭᠰᠠᠨ ᠰᠠᠶᠢᠨ ᠳᠣᠷᠠᠴᠣᠣᠯ ᠤᠨ ᠶᠡᠭᠡ ᠳᠠᠷᠢᠬᠢᠨ ᠤ ᠲᠠᠨᠢᠬᠤᠢ ᠶᠢᠨ ᠬᠡᠮᠵᠢᠶ᠎ᠡ ᠨᠢ ᠪᠤᠯᠪᠠᠰᠤᠷᠠᠭᠰᠠᠨ ᠦᠭᠡᠢ ᠳᠤᠭᠤᠶᠢᠯᠠᠩ ᠤᠨ ᠬᠢᠨ ᠠᠴᠠ | ᠢᠯᠡᠳᠳᠡ ᠦᠨᠳᠦᠷ ᠪᠠᠶᠢᠵᠤ᠂ ᠴᠡᠭᠡᠵᠢᠯᠡᠬᠦ ᠴᠢᠳᠠᠪᠤᠷᠢ ᠨᠢ ᠴᠤ ᠨᠡᠩ ᠰᠠᠶᠢᠨ ᠪᠠᠶᠢᠪᠠ᠃ ᠰᠣᠳᠣᠯᠭᠠᠳᠠᠳ ᠤᠨ ᠢᠯᠡᠷᠬᠡᠶᠢᠯᠡᠭᠰᠡᠨ ᠢᠶᠠᠷ᠂ ᠪᠤᠯᠴᠢᠩ ᠤᠨ | ᠴᠢᠳᠠᠯ ᠬᠡᠳᠦᠢ ᠶᠡᠭᠡ ᠪᠤᠯ ᠶᠡᠭᠡ ᠲᠠᠷᠢᠬᠢᠨ ᠳᠤ ᠲᠠᠳᠦᠢ ᠲᠤᠰᠠᠳᠠᠢ᠃ ᠬᠡᠷᠪᠡ ᠨᠡᠩ ᠤᠯᠠᠨ ᠨᠠᠰᠤᠳᠠᠶᠢᠴᠣᠣᠯ ᠢᠶᠠᠷ ᠪᠤᠯᠴᠢᠩ ᠤᠨ ᠪᠤᠯᠪᠠᠰᠤᠷᠠᠯ ᠬᠢᠯᠭᠡᠪᠡᠯ | ᠲᠡᠳᠡᠨ ᠤ ᠡᠷᠡᠭᠦᠯ ᠮᠡᠨᠳᠦ ᠳᠤ ᠨᠡᠩ ᠲᠤᠰᠠᠳᠠᠢ ᠪᠠᠶᠢᠵᠦ᠂ ᠨᠠᠰᠤᠨ ᠬᠤᠳᠤᠭ ᠨᠢ ᠨᠡᠩ ᠣᠷᠳᠣ ᠪᠤᠯᠤᠨ᠎ᠠ᠃ ᠨᠠᠰᠣᠳᠠᠶᠢᠴᠣᠣᠯ ᠭᠠᠷᠠᠭ ᠲᠤ ᠨᠠᠭᠠᠳᠣ | ᠵᠠᠬ᠎ᠠ ᠳᠠᠭᠠᠨ ᠬᠤᠶᠠᠷ ᠤᠳᠠᠭ᠎ᠠ ᠪᠤᠯᠴᠢᠩ ᠢᠶᠠᠨ ᠪᠤᠯᠪᠠᠰᠤᠷᠠᠭᠤᠯᠵᠤ᠂ ᠵᠤᠬᠢᠬᠤ ᠬᠡᠪᠴᠢᠶᠡᠨ ᠳᠤ ᠪᠤᠯᠪᠠᠰᠤᠷᠠᠬᠤ ᠡᠷᠴᠢᠮ ᠢᠶᠠᠨ ᠨᠡᠯᠢᠶᠡᠳ ᠦᠨᠳᠦᠷ | ᠲᠦᠪᠰᠢᠨ ᠳᠤ ᠪᠠᠶᠢᠯᠭᠠᠪᠠᠯ ᠤᠢ ᠪᠢᠯᠢᠭ ᠲᠤᠨᠢ ᠮᠠᠰᠢ ᠲᠤᠰᠠᠳᠠᠢ᠃ | |