ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | ᠨᠢᠭᠡ ᠳᠤ᠂ ᠰᠢᠨ᠎ᠡ ᠪᠠᠶᠢᠳᠠᠯ ᠪᠠ ᠡᠭᠦᠷᠭᠡ ᠳᠤ ᠵᠣᠬᠢᠴᠠᠭᠤᠯᠤᠨ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠤᠨ ᠴᠢᠭᠯᠡᠭᠦᠯᠬᠦ ᠴᠢᠨᠠᠷ᠂ ᠬᠡᠷᠡᠭᠯᠡᠭᠡᠨ ᠤ ᠴᠢᠨᠠᠷ ᠪᠣᠯᠣᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠨᠡᠮᠡᠭᠳᠡᠭᠦᠯᠦᠨ᠂ ︽ | ᠤᠯᠤᠰ ᠤᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠤᠨ ᠠᠯᠪᠠᠨ ᠭᠡᠷ ᠤᠨ ︿ᠣᠷᠣᠨ ᠨᠤᠲᠤᠭ ᠤᠨ | ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠶᠢ | ᠴᠢᠩᠭᠠᠳᠬᠠᠬᠤ ᠲᠤᠬᠠᠢ ᠵᠢᠯᠤᠭᠤᠳᠬᠤ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠲᠦᠷᠦ ᠶᠢᠨ ᠦᠶᠡᠷ ᠤᠨ ᠠᠯᠪᠠᠨ ᠭᠡᠷ | ︹2022︺ 1 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠪᠠᠶᠠᠨᠨᠠᠭᠤᠷ ᠬᠤᠳᠠ ᠶᠢᠨ ᠦᠶᠡᠷ ᠢ ᠰᠡᠷᠭᠡᠶᠢᠯᠡᠨ ᠭᠠᠩ | ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ᠳᠤ ᠵᠠᠰᠠᠪᠤᠷᠢ ᠣᠷᠣᠭᠤᠯᠤᠨ᠎ᠠ᠃ | ᠬᠤᠶᠠᠷ ᠲᠤ᠂ ᠥᠪᠡᠷᠲᠡᠭᠡᠨ ᠵᠠᠰᠠᠬᠤ ᠣᠷᠣᠨ 2022 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ | ᠬᠤᠲᠠ ᠶᠢᠨ ᠱᠠᠲᠤᠨ ᠤ ᠪᠡᠯᠡᠳᠬᠡᠯ ᠲᠥᠰᠥᠯ ᠢ ᠥᠪᠡᠷᠲᠡᠭᠡᠨ ᠵᠠᠰᠠᠬᠤ ᠣᠷᠣᠨ ᠤ ᠪᠡᠯᠡᠳᠬᠡᠯ ᠲᠥᠰᠥᠯ ᠲᠠᠢ ᠬᠠᠮᠵᠢᠯᠴᠠᠨ ᠵᠣᠯᠭᠠᠭᠤᠯᠬᠤ ᠬᠡᠷᠡᠭᠲᠡᠢ᠃ | ᠬᠤᠶᠠᠷ᠂ ᠣᠷᠣᠨ ᠲᠤᠭ᠎ᠠ ᠶᠢᠨ ᠵᠣᠷᠢᠯᠭ᠎ᠠ ᠦᠶᠡᠷ ᠤᠰᠤᠲᠤᠯ ᠭᠠᠩ ᠬᠠᠭᠰᠠᠷᠠᠭᠠᠨ ᠤ ᠭᠠᠮᠰᠢᠭ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠠᠵᠢᠯ ᠢ ᠥᠨᠳᠥᠷ ᠪᠦᠲᠦᠮᠵᠢᠲᠡᠶ ᠪᠥᠭᠡᠳ | ᠡᠮᠬᠢ ᠵᠢᠷᠤᠮ ᠲᠠᠢ ᠰᠠᠶᠢᠲᠤᠷ ᠬᠢᠵᠦ᠂ ᠬᠥᠮᠥᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠨ᠂ ᠠᠵᠤ ᠠᠬᠤᠢ ᠨᠡᠶᠢᠭᠡᠮ ᠤᠨ ᠪᠥᠬᠦ ᠲᠠᠯ᠎ᠠ ᠶᠢᠨ᠂ ᠵᠣᠬᠢᠴᠠᠩᠭᠤᠢ᠂ ᠦᠷᠭᠦᠯᠵᠢᠯᠡᠨ ᠬᠥᠭᠵᠢᠬᠦ ᠶᠢ ᠪᠠᠲᠤᠯᠠᠬᠤ ᠶᠢᠨ ᠲᠤᠰᠠᠳᠠ᠂ | ᠪᠠᠶᠠᠨᠨᠠᠭᠤᠷ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠤᠨ᠎ᠠ᠃ | ᠭᠤᠷᠪᠠ᠂ ᠣᠷᠣᠨ ᠲᠣᠭᠠᠨ ᠤ ᠦᠨᠳᠦᠰᠦᠯᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠩ ᠬᠠᠭᠰᠠᠷᠠᠭᠠᠨ ᠲᠠᠢ | ᠲᠡᠮᠡᠴᠡᠬᠦ ᠳᠦᠷᠢᠮ︾ ︽ᠴᠡᠷᠢᠭ ᠠᠩᠭᠢ ᠶᠢᠨ ᠠᠶᠤᠯ ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠬᠤ ᠳᠦᠷᠢᠮ︾ ︽ᠪᠠᠶᠢᠭᠠᠯᠢ ᠶᠢᠨ ᠭᠠᠮᠰᠢᠭ ᠠᠴᠠ | ᠠᠪᠤᠷᠠᠨ ᠲᠤᠰᠠᠯᠠᠬᠤ ᠳᠦᠷᠢᠮ︾ ︽ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾ ︽ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠢ ᠬᠠᠮᠢᠶᠠᠷᠬᠤ ᠳᠦᠷᠢᠮ︾ ︽ᠴᠥᠭᠦᠷᠥᠮ ᠤᠨ ᠬᠠᠰᠢᠯᠭ᠎ᠠ ᠶᠢᠨ | ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠵᠦᠢ ᠶᠢᠨ ᠳᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ﹀ ᠶᠢ | ᠬᠡᠷᠡᠭᠵᠢᠭᠦᠯᠬᠦ ᠠᠷᠭ᠎ᠠ︾ ︽ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠬᠡᠷᠡᠭᠯᠡᠯᠲᠡ ᠳᠤ ᠨᠥᠬᠦᠪᠦᠷᠢ ᠥᠭᠬᠦ ᠲᠦᠷ ᠬᠡᠷᠡᠭᠵᠢᠭᠦᠯᠬᠦ ᠠᠷᠭ᠎ᠠ︾ ︽ | ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ︽ᠦᠶᠡᠷ ᠢ ᠰᠡᠷᠭᠡᠶᠢᠯᠡᠬᠦ ᠪᠠᠷᠢᠮᠵᠢᠶ᠎ᠠ︾ ︽ᠭᠠᠩ ᠬᠠᠭᠰᠠᠷᠠᠭᠠᠨ ᠤ | ᠭᠠᠮᠰᠢᠭ ᠤᠨ ᠳᠡᠰ︾ ︽ᠬᠤᠲᠠ ᠪᠠᠯᠭᠠᠰᠤᠨ ᠤ ᠤᠰᠤᠲᠤᠯ ᠢ ᠰᠡᠷᠭᠡᠶᠢᠯᠡᠨ ᠵᠠᠰᠠᠬᠤ ᠮᠡᠷᠭᠡᠵᠢᠯ ᠤᠨ ᠵᠢᠷᠤᠮᠵᠢᠯ︾ ︽ᠤᠯᠤᠰ ᠤᠨ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠵᠢᠯ ᠤᠨ ᠳᠦᠷᠢᠮ︾ ︽ᠬᠤᠲᠠ ᠶᠢᠨ ᠦᠶᠡᠷ ᠢ ᠰᠡᠷᠭᠡᠶᠢᠯᠡᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠵᠢᠯᠤᠭᠤᠳᠬᠤ ᠳᠦᠷᠢᠮ︾ ︽ᠪᠠᠶᠠᠨᠨᠠᠭᠤᠷ ᠬᠤᠲᠠ ᠶᠢᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ᠂ ᠵᠢᠷᠤᠮᠵᠢᠯ᠃ | | ᠳᠥᠷᠪᠡ᠂ ᠬᠡᠷᠡᠭᠯᠡᠬᠦ ᠬᠡᠪᠴᠢᠶ᠎ᠡ ᠲᠣᠰ ᠪᠡᠯᠡᠳᠬᠡᠯ ᠲᠥᠰᠥᠯ ᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠬᠠᠷᠢᠶᠠᠯᠠᠯ ᠤᠨ ᠣᠷᠣᠨ ᠤ | ᠳᠣᠲᠣᠷᠠᠬᠢ ᠤᠰᠤ ᠭᠠᠩ ᠤᠨ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠬᠡᠷᠡᠭᠯᠡᠨ᠎ᠡ᠃ | ᠤᠰᠤ ᠭᠠᠩ ᠤᠨ ᠭᠠᠮᠰᠢᠭ ᠲᠤ᠄ ᠦᠶᠡᠷ ᠤᠰᠤᠲᠤᠯ ᠤᠨ ᠭᠠᠮᠰᠢᠭ᠂ ᠬᠠᠯᠢᠶ᠎ᠠ ᠦᠶᠡᠷ ᠤᠨ ᠭᠠᠮᠰᠢᠭ᠂ ᠠᠭᠤᠯᠠᠨ ᠦᠶᠡᠷ ᠤᠨ ᠭᠠᠮᠰᠢᠭ ︵ | ᠪᠣᠷᠣᠭᠠᠨ ᠣᠷᠣᠭᠰᠠᠨ ᠠᠴᠠ ᠪᠣᠯᠤᠭᠰᠠᠨ ᠠᠭᠤᠯᠠᠨ ᠦᠶᠡᠷ᠂ ᠰᠢᠪᠠᠷ ᠴᠢᠯᠠᠭᠤᠨ ᠤ ᠤᠷᠤᠰᠬᠠᠯ᠂ ᠭᠤᠯᠭᠤᠭ᠎ᠠ ᠪᠠᠯ ᠤᠨ ᠭᠠᠮᠰᠢᠭ ᠢ ᠵᠢᠭᠠᠵᠤ ᠪᠠᠶᠢᠨ᠎ᠠ︶᠂ | ᠬᠤᠳᠠ ᠶᠢᠨ ᠤᠰᠤᠲᠤᠯ᠂ ᠭᠠᠩ ᠬᠠᠭᠰᠠᠷᠠᠭᠠᠨ ᠤ ᠭᠠᠮᠰᠢᠭ᠂ ᠤᠰᠤ ᠬᠠᠩᠭᠠᠬᠤ ᠬᠢᠮᠤᠷᠠᠯ ᠵᠢᠴᠢ ᠦᠶᠡᠷ᠂ ᠭᠠᠵᠠᠷ ᠬᠥᠳᠡᠯᠦᠯᠲᠡ᠂ ᠰᠦᠷᠳᠡᠭᠦᠯᠦᠯ ᠤᠨ | ᠠᠵᠢᠯᠯᠠᠭ᠎ᠠ ᠵᠡᠷᠭᠡ ᠠᠴᠠ ᠪᠣᠯᠤᠭᠰᠠᠨ ᠤᠰᠤᠨ ᠴᠥᠭᠦᠷᠥᠮ ᠤᠨ ᠬᠠᠰᠢᠯᠭ᠎ᠠ ᠨᠤᠷᠠᠬᠤ᠂ ᠬᠠᠰᠢᠯᠭ᠎ᠠ ᠰᠡᠲᠡᠷᠡᠬᠦ᠂ ᠤᠰᠤᠨ ᠬᠠᠭᠠᠯᠲᠠ ᠨᠤᠷᠠᠬᠤ᠂ ᠤᠰᠤ | ᠬᠠᠩᠭᠠᠬᠤ ᠤᠰᠤᠨ ᠤ ᠴᠢᠨᠠᠷ ᠬᠤᠬᠢᠷᠠᠯ ᠳᠤ ᠤᠴᠠᠷᠠᠬᠤ ᠵᠡᠷᠭᠡ ᠡᠭᠦᠰᠦᠮᠡᠯ ᠭᠠᠮᠰᠢᠭ ᠪᠠᠭᠲᠠᠨ᠎ᠠ᠃ | ᠲᠠᠪᠤ᠂ ᠪᠡᠯᠡᠳᠬᠡᠯ ᠲᠥᠰᠥᠯ ᠤᠨ ᠶᠡᠷᠦᠩᠬᠡᠢ ᠪᠣᠷᠣ ᠲᠥᠯᠥᠪ ᠪᠣᠯᠣᠨ ᠭᠤᠣᠯ ᠠᠭᠤᠯᠭ᠎ᠠ | ᠨᠢᠭᠡ ᠳᠤ ᠪᠦᠯᠦᠭ ᠬᠡᠰᠡᠭ ᠭᠠᠷᠭᠠᠬᠤ ᠲᠠᠯ᠎ᠠ ᠪᠠᠷ᠃ ᠪᠡᠯᠡᠳᠬᠡᠯ ᠲᠥᠰᠥᠯ ᠨᠢ ᠨᠡᠶᠢᠲᠡ 9 ᠬᠡᠰᠡᠭ ᠢᠶᠠᠷ ᠪᠦᠷᠢᠯᠳᠦᠵᠡᠢ᠂ ᠡᠭᠦᠨ ᠳᠤ ᠶᠡᠷᠦᠩᠬᠡᠢ | ᠳᠦᠷᠢᠮ᠂ ᠦᠨᠳᠦᠰᠦᠨ ᠪᠠᠶᠢᠳᠠᠯ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠵᠢᠴᠢ ᠲᠤᠰᠢᠶᠠᠯ ᠬᠠᠷᠢᠭᠤᠴᠠᠯᠭ᠎ᠠ᠂ ᠬᠢᠨᠠᠨ ᠬᠡᠮᠵᠢᠵᠦ ᠤᠷᠢᠳᠴᠢᠯᠠᠨ | ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ᠂ ᠠᠶᠤᠯ ᠠᠴᠠ ᠠᠪᠤᠷᠠᠨ ᠲᠤᠰᠠᠯᠠᠬᠤ᠂ | ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠂ ᠳᠠᠭᠠᠯᠳᠤᠭᠤᠯᠤᠭᠰᠠᠨ ᠳᠦᠷᠢᠮ ᠵᠡᠷᠭᠡ ᠪᠠᠭᠲᠠᠨ᠎ᠠ︔ | 8 ᠳᠠᠭᠠᠯᠳᠤᠭᠤᠯᠤᠯ ᠳᠤ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠡ ᠵᠢᠴᠢ | ᠬᠥᠮᠥᠰ ᠤᠨ ᠬᠠᠷᠢᠯᠴᠠᠬᠤ ᠤᠲᠠᠰᠤ᠂ ᠪᠠᠶᠠᠨᠨᠠᠭᠤᠷ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠬᠡᠰᠡᠭ ᠬᠤᠪᠢᠶᠠᠨ ᠳᠠᠭᠠᠭᠠᠴᠢᠯᠠᠭᠰᠠᠨ ᠬᠠᠷᠢᠭᠤᠴᠠᠯᠭᠠᠲᠠᠨ ᠤ ᠨᠡᠷᠡᠰ᠂ ᠪᠠᠶᠠᠨᠨᠠᠭᠤᠷ ᠬᠤᠳᠠ ᠶᠢᠨ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠦᠷᠢᠳᠬᠡᠯ ᠤᠨ ᠬᠦᠰᠦᠨᠦᠭᠲᠦ᠂ | ᠪᠠᠶᠠᠨᠨᠠᠭᠤᠷ ᠬᠤᠳᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠲᠤᠰᠬᠠᠢ ᠮᠡᠷᠭᠡᠵᠢᠯᠲᠡᠨ ᠤ ᠬᠤᠷᠢᠶᠠᠩᠭᠤᠢ ᠬᠦᠰᠦᠨᠦᠭᠲᠦ᠂ | ᠪᠠᠶᠠᠨᠨᠠᠭᠤᠷ ᠬᠤᠳᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠷᠠᠭ᠎ᠠ ᠨᠥᠭᠡᠴᠡᠯᠡᠭᠰᠡᠨ ᠪᠠᠶᠢᠳᠠᠯ ᠤᠨ ᠬᠦᠰᠦᠨᠦᠭᠲᠦ᠂ ᠪᠠᠶᠠᠨᠨᠠᠭᠤᠷ | ᠬᠤᠳᠠ ᠶᠢᠨ ᠤᠰᠤᠨ ᠰᠢᠰᠲ᠋ᠧᠮ ᠤᠨ ᠵᠢᠷᠤᠭ᠂ ᠬᠠᠳᠤᠨ ᠭᠤᠣᠯ ᠤᠨ ᠪᠠᠶᠠᠨᠨᠠᠭᠤᠷ ᠬᠤᠳᠠ ᠶᠢᠨ ᠬᠡᠰᠡᠭ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠬᠠᠪᠲᠠᠭᠠᠢ ᠶᠢᠨ ᠲᠠᠶᠢᠯᠪᠤᠷᠢ ᠵᠢᠷᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠳᠠ ᠶᠢᠨ | ᠭᠠᠩ ᠬᠠᠭᠰᠠᠷᠠᠭᠠᠨ ᠲᠠᠢ ᠭᠠᠮᠰᠢᠭᠳᠠᠭᠰᠠᠨ ᠬᠥᠮᠥᠨ ᠠᠮᠠ ᠶᠢᠨ ᠠᠶᠤᠯ ᠲᠦᠭᠰᠢᠭᠦᠷᠢ ᠶᠢᠨ ᠣᠷᠣᠨ ᠤ ᠬᠤᠪᠢᠶᠠᠷᠢᠯᠠᠯ ᠤᠨ ᠵᠢᠷᠤᠭ᠃ | ᠬᠤᠶᠠᠷ ᠲᠤ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠤᠨ ᠲᠠᠯ᠎ᠠ ᠪᠠᠷ᠃ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ | ᠵᠢᠯᠤᠭᠤᠳᠬᠤ ᠭᠠᠵᠠᠷ ᠢ ᠲᠣᠳᠣᠷᠬᠠᠢ ᠲᠣᠭᠲᠠᠭᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠪᠥᠬᠦ | ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠬᠠᠷᠢᠭᠤᠴᠠᠨ᠎ᠠ᠃ ᠦᠶᠡᠷ ᠰᠡᠷᠭᠡᠶᠢᠯᠡᠯᠲᠡ ᠶᠢᠨ Ⅰ ᠲᠠᠰ ᠤᠨ Ⅱ ᠲᠠᠰ ᠤᠨ ᠪᠠᠴᠢᠮ | ᠪᠠᠶᠢᠳᠠᠯ ᠢ ᠠᠷᠭᠠᠴᠠᠬᠤ ᠶᠢ ᠳᠠᠭᠠᠵᠤ ᠬᠢᠬᠦ ᠪᠤᠶᠤ ᠪᠠᠴᠢᠮ ᠭᠠᠮᠰᠢᠭ ᠲᠠᠢ ᠲᠡᠮᠡᠴᠡᠬᠦ ᠬᠤᠭᠤᠴᠠᠭᠠᠨ ᠳᠤ᠂ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ | ᠲᠡᠮᠡᠴᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠪᠠ ᠳᠡᠳ᠋ ᠶᠡᠷᠦᠩᠬᠡᠢ ᠵᠢᠯᠣᠭᠤᠳᠤᠭᠴᠢ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ | ᠲᠡᠮᠡᠴᠡᠬᠦ ᠵᠢᠯᠤᠭᠤᠳᠬᠤ ᠲᠥᠪ ᠲᠤ ᠰᠠᠭᠤᠵᠤ ᠵᠢᠯᠤᠭᠤᠳᠴᠤ᠂ ᠬᠤᠲᠠ ᠶᠢᠨ ᠰᠡᠷᠭᠡᠶᠢᠯᠡᠯᠲᠡ ᠶᠢᠨ ᠠᠵᠢᠯ ᠤᠨ ᠠᠯᠪᠠᠨ ᠭᠡᠷ ᠤᠨ ᠠᠵᠢᠯ ᠤᠨ ᠲᠤᠰᠬᠠᠢ | ᠠᠩᠭᠢ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠤᠭᠤᠳᠬᠤ ᠲᠥᠪ ᠲᠤ ᠲᠥᠪᠯᠡᠷᠡᠨ ᠠᠵᠢᠯᠯᠠᠨ᠎ᠠ᠃ ᠦᠶᠡᠷ ᠰᠡᠷᠭᠡᠶᠢᠯᠡᠯᠲᠡ ᠶᠢᠨ Ⅰ | ᠲᠠᠰ ᠤᠨ Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠬᠢᠯᠡᠭᠦᠯᠦᠭᠰᠡᠨ ᠤ ᠳᠠᠷᠠᠭ᠎ᠠ᠂ ᠭᠠᠮᠰᠢᠭ ᠡᠭᠦᠰᠦᠭᠰᠡᠨ ᠪᠠᠶᠢᠳᠠᠯ ᠢ ᠦᠨᠳᠦᠰᠦᠯᠡᠨ᠂ | ᠬᠤᠲᠠ ᠶᠢᠨ ᠤᠳᠤᠷᠢᠳᠤᠯᠭ᠎ᠠ ᠶᠢᠨ ᠳᠠᠭᠠᠭᠤᠯᠤᠭᠰᠠᠨ ᠡᠮᠦᠨ᠎ᠡ ᠹᠷᠣᠨᠲ ᠤᠨ ᠠᠵᠢᠯᠯᠠᠬᠤ ᠳᠤᠭᠤᠶᠢᠯᠠᠩ ᠢ ᠲᠣᠮᠢᠯᠠᠵᠤ᠂ ᠲᠤᠬᠠᠢ ᠶᠢᠨ ᠲᠠᠯᠠᠪᠤᠷ ᠲᠤ | ᠣᠴᠢᠭᠤᠯᠤᠨ ᠣᠷᠣᠨ ᠨᠤᠲᠤᠭ ᠢ ᠵᠢᠯᠣᠭᠤᠳᠤᠨ ᠰᠢᠮᠳᠠᠭᠤᠯᠵᠤ ᠪᠠᠶᠢᠭᠠᠳ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠵᠢᠯ ᠢ ᠰᠠᠶᠢᠲᠤᠷ ᠬᠢᠯᠭᠡᠨ᠎ᠡ᠃ | | ᠭᠤᠷᠪᠠ ᠳᠤ ᠪᠠᠴᠢᠮ ᠪᠠᠶᠢᠳᠠᠯ ᠢ ᠠᠷᠭᠠᠴᠠᠬᠤ ᠲᠠᠯ᠎ᠠ ᠪᠠᠷ᠃ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ ᠪᠣᠭᠤᠮᠲᠠ ᠶᠢ ᠡᠬᠢᠯᠡᠭᠦᠯᠬᠦ ᠶᠢᠨ ᠬᠠᠮᠲᠤ | ᠪᠣᠳᠠᠲᠠᠢ ᠲᠠᠢ ᠪᠠᠨ ᠤᠶᠠᠯᠳᠤᠭᠤᠯᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ | ᠪᠠᠴᠢᠮ ᠪᠠᠶᠢᠳᠠᠯ ᠢ Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠳᠤ ᠬᠤᠲᠠ ᠶᠢᠨ ᠰᠡᠷᠭᠡᠶᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠠᠴᠠ ᠭᠠᠷ ᠤᠨ | ᠦᠰᠦᠭ ᠵᠢᠷᠤᠵᠤ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠶᠢ ᠳᠡᠳ᠋ ᠶᠡᠷᠦᠩᠬᠡᠢ ᠵᠢᠯᠣᠭᠤᠳᠤᠭᠴᠢ ︵ᠬᠤᠲᠠ ᠶᠢᠨ ᠰᠡᠷᠭᠡᠶᠢᠯᠡᠯᠲᠡ ᠶᠢᠨ | ᠠᠯᠪᠠᠨ ᠭᠡᠷ ᠤᠨ ᠡᠷᠬᠢᠯᠡᠭᠴᠢ︶ ᠠᠴᠠ ᠭᠠᠷ ᠤᠨ ᠥᠰᠥᠭ ᠵᠢᠷᠤᠵᠤ ᠡᠬᠢᠯᠡᠭᠦᠯᠦᠨ᠎ᠡ︔ Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ | ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ ᠭᠠᠷ ᠤᠨ ᠥᠰᠥᠭ ᠵᠢᠷᠤᠵᠤ ᠡᠬᠢᠯᠡᠭᠦᠯᠦᠨ᠎ᠡ︔ Ⅰ ᠳᠡᠰ ᠤᠨ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠬᠤ ᠶᠢ ᠬᠤᠲᠠ ᠶᠢᠨ ᠰᠡᠷᠭᠡᠶᠢᠯᠡᠯᠲᠡ ᠶᠢᠨ ᠶᠡᠷᠦᠩᠬᠡᠢ ᠵᠢᠯᠣᠭᠤᠳᠤᠭᠴᠢ ᠠᠴᠠ ᠭᠠᠷ ᠤᠨ ᠦᠰᠦᠭ ᠵᠢᠷᠤᠵᠤ ᠡᠬᠢᠯᠡᠭᠦᠯᠦᠨ᠎ᠡ᠃ | ᠳᠥᠷᠪᠡ ᠳᠤ ᠠᠶᠤᠯ ᠠᠴᠠ ᠠᠪᠤᠷᠠᠨ ᠲᠤᠰᠠᠯᠠᠬᠤ ᠲᠠᠯ᠎ᠠ ᠪᠠᠷ᠃ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠬᠦᠴᠦᠨ᠂ ᠠᠪᠤᠷᠠᠨ | ᠲᠤᠰᠠᠯᠠᠬᠤ ᠶᠢ ᠥᠷᠨᠢᠭᠦᠯᠬᠦ᠂ ᠠᠪᠤᠷᠠᠨ ᠲᠤᠰᠠᠯᠠᠬᠤ ᠶᠢ ᠬᠡᠷᠡᠭᠵᠢᠭᠦᠯᠬᠦ᠂ ᠪᠠᠶᠢᠳᠠᠯ ᠢ ᠪᠤᠢ ᠪᠣᠯᠭᠠᠬᠤ ᠲᠠᠯ᠎ᠠ ᠪᠠᠷ ᠪᠣᠳᠠᠲᠠᠢ ᠵᠠᠳᠠᠯᠤᠯᠲᠠ ᠪᠠ ᠲᠣᠭᠠᠴᠢᠯᠲᠠ | ᠬᠢᠵᠡᠢ᠃ | ᠲᠠᠪᠤ ᠳᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠩᠨᠡᠭᠡᠨ ᠤ ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ᠂ ᠪᠡᠯᠡ ᠮᠥᠩᠭᠦᠨ ᠤ | ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ᠂ ᠠᠵᠢᠯᠲᠠᠨ ᠤ ᠰᠢᠯᠵᠢᠯᠲᠡ ᠶᠢᠨ ᠪᠠᠲᠤᠯᠠᠭ᠎ᠠ᠂ ᠶᠡᠷᠦᠩᠬᠡᠶᠢᠯᠡᠭᠰᠡᠨ ᠪᠠᠲᠤᠯᠠᠭ᠎ᠠ ᠵᠡᠷᠭᠡ ᠬᠠᠮᠢᠶ᠎ᠠ ᠪᠦᠬᠦᠢ | ᠠᠭᠤᠯᠭ᠎ᠠ ᠶᠢ ᠲᠣᠳᠣᠷᠬᠠᠶᠢᠯᠠᠪᠠ᠃ ᠵᠢᠷᠭᠤᠭ᠎ᠠ ᠳᠤ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠬᠦ ᠲᠠᠯ᠎ᠠ᠃ ᠭᠠᠮᠰᠢᠭ ᠠᠴᠠ ᠠᠪᠤᠷᠠᠨ ᠲᠤᠰᠠᠯᠠᠬᠤ᠂ | ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠵᠢᠴᠢ ᠭᠠᠩ ᠬᠠᠭᠰᠠᠷᠠᠭᠠᠨ ᠲᠠᠢ ᠲᠡᠮᠡᠴᠡᠬᠦ ᠡᠳ᠋ ᠪᠣᠳᠠᠰ ᠢ ᠨᠥᠬᠦᠪᠦᠷᠢᠯᠡᠬᠦ᠂ ᠤᠰᠤᠨ ᠳᠤ ᠡᠪᠳᠡᠭᠳᠡᠭᠰᠡᠨ | ᠪᠠᠷᠢᠯᠭ᠎ᠠ ᠶᠢᠨ ᠲᠥᠬᠦᠭᠡᠷᠦᠮᠵᠢ ᠶᠢ ᠰᠡᠯᠪᠢᠨ ᠵᠠᠰᠠᠬᠤ᠂ ᠭᠠᠮᠰᠢᠭ ᠤᠨ ᠳᠠᠷᠠᠭᠠᠬᠢ ᠲᠠᠬᠢᠨ ᠪᠦᠲᠦᠭᠡᠨ ᠪᠠᠶᠢᠭᠤᠯᠬᠤ᠂ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠢ ᠦᠨᠡᠯᠡᠬᠦ ᠵᠡᠷᠭᠡ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠡᠮᠬᠢᠯᠡᠨ | ᠨᠡᠶᠢᠯᠡᠭᠦᠯᠵᠦ᠂ ᠨᠠᠷᠢᠯᠢᠭᠵᠢᠭᠤᠯᠤᠨ ᠲᠡᠭᠦᠯᠳᠡᠷᠵᠢᠭᠦᠯᠪᠡ᠃ | |