ᠨᠢᠭᠡ᠂ ᠣᠷᠣᠨ ᠲᠤᠭ᠎ᠠ ᠶᠢᠨ ᠵᠣᠷᠢᠯᠭ᠎ᠠ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠶᠢ ᠤᠷᠲᠤ ᠬᠤᠭᠤᠴᠠᠭ᠎ᠠ ᠪᠠᠷ ᠳᠠᠮᠵᠢᠭᠤᠯᠬᠤ | ᠬᠤᠭᠤᠯᠠᠢ ︵ᠳᠣᠷᠣᠭᠰᠢ ᠬᠤᠭᠤᠯᠠᠢ ᠭᠡᠵᠦ ᠲᠣᠪᠴᠢᠯᠠᠨ᠎ᠠ︶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠮᠵᠢᠭᠤᠯᠬᠤ ᠬᠤᠭᠤᠯᠠᠢ ᠶᠢᠨ ᠠᠶᠤᠯᠭᠦᠢ ᠶᠢᠨ ᠠᠳᠡᠯ ᠢ ᠬᠠᠤᠯᠢ ᠶᠣᠰᠣᠭᠠᠷ᠂ ᠲᠦᠷᠭᠡᠨ᠂ ᠰᠢᠨᠵᠢᠯᠡᠬᠦ | ᠤᠬᠠᠭᠠᠨᠴᠢ᠂ ᠡᠮᠬᠢ ᠵᠢᠷᠤᠮ ᠲᠠᠢ ᠪᠠᠷ ᠠᠷᠭᠠᠴᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ | ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠷᠤᠮ ᠢ ᠵᠢᠷᠤᠮᠵᠢᠭᠤᠯᠤᠨ᠂ ᠳᠠᠮᠵᠢᠭᠤᠯᠬᠤ ᠬᠤᠭᠤᠯᠠᠢ ᠶᠢᠨ ᠠᠶᠤᠯᠭᠦᠢ ᠶᠢᠨ ᠠᠳᠡᠯ ᠠᠴᠠ ᠪᠣᠯᠤᠭᠰᠠᠨ | ᠨᠥᠯᠥᠭᠡ ᠪᠠ ᠬᠤᠬᠢᠷᠠᠯ ᠢ ᠪᠦᠲᠦᠮᠵᠢᠲᠡᠶ ᠪᠠᠷ ᠬᠢᠵᠠᠭᠠᠷᠯᠠᠬᠤ ᠪᠠ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠣᠷᠣᠨ ᠤ ᠠᠮᠤᠷ ᠲᠦᠪᠰᠢᠨ᠂ | ᠨᠡᠶᠢᠭᠡᠮ ᠤᠨ ᠲᠣᠭᠲᠠᠭᠤᠨ ᠪᠠᠶᠢᠳᠠᠯ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃ | ᠬᠤᠶᠠᠷ᠂ ᠣᠷᠣᠨ ᠲᠣᠭᠠᠨ ᠤ ᠦᠨᠳᠦᠰᠦᠯᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ︽ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠳᠦᠷᠢᠮ︾ ︽ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ︽ᠤᠯᠤᠰ ᠤᠨ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︽ᠦᠢᠯᠡᠳᠪᠦᠷᠢᠯᠡᠯ ᠤᠨ ᠠᠶᠤᠯ ᠦᠭᠡᠢ ᠶᠢᠨ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ︵ᠲᠤᠷᠰᠢᠨ | ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠤᠷᠲᠤ | ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠠᠶᠤᠯ ᠦᠭᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ︽ᠪᠠᠶᠠᠨᠨᠠᠭᠤᠷ | ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠪᠢᠴᠢᠭ ᠮᠠᠲ᠋ᠧᠷᠢᠶᠠᠯ ᠢ ᠦᠨᠳᠦᠰᠦᠯᠡᠨ ᠲᠤᠰ ᠪᠡᠯᠡᠳᠬᠡᠯ ᠲᠥᠰᠥᠯ ᠢ ᠲᠣᠭᠲᠠᠭᠠᠪᠠ᠃ | ᠭᠤᠷᠪᠠ᠂ ᠬᠡᠷᠡᠭᠯᠡᠬᠦ ᠬᠡᠪᠴᠢᠶ᠎ᠡ ᠲᠣᠰ ᠪᠡᠯᠡᠳᠬᠡᠯ ᠲᠥᠰᠥᠯ ᠨᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠲᠣᠬᠢᠷᠠᠵᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠬᠠᠮᠠᠭᠠᠯᠠᠬᠤ ᠬᠠᠤᠯᠢ︾ | ᠶᠢᠨ ᠲᠣᠭᠲᠠᠭᠠᠯ ᠳᠤ ᠨᠡᠶᠢᠴᠡᠭᠰᠡᠨ ᠬᠤᠭᠤᠯᠠᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠨ᠎ᠡ᠃ ᠲᠣᠰᠣ ᠬᠡᠢ ᠶᠢᠨ | ᠠᠭᠤᠷᠬᠠᠢ ᠶᠢᠨ ᠳᠣᠲᠣᠭᠠᠳᠤ ᠶᠢᠨ ᠲᠥᠪᠯᠡᠷᠡᠭᠦᠯᠦᠨ ᠳᠠᠮᠵᠢᠭᠤᠯᠬᠤ ᠬᠤᠭᠤᠯᠠᠢ ᠶᠢᠨ ᠲᠣᠣᠷ᠂ ᠬᠤᠲᠠ ᠶᠢᠨ ᠲᠣᠭᠤᠷᠢᠭ ᠤᠨ ᠰᠢᠲᠠᠮᠠᠬᠠᠢ ᠬᠡᠢ ᠶᠢᠨ | ᠬᠤᠭᠤᠯᠠᠢ ᠪᠠ ᠲᠣᠰᠣ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠲᠠᠬᠢ | ᠬᠤᠭᠤᠯᠠᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠲᠣᠰ ᠪᠡᠯᠡᠳᠬᠡᠯ ᠲᠥᠰᠥᠯ ᠢ ᠬᠡᠷᠡᠭᠯᠡᠬᠦ ᠦᠭᠡᠢ᠂ | ᠵᠣᠬᠢᠴᠠᠩᠭᠤᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠠᠴᠠ ᠬᠠᠷᠢᠭᠤᠴᠠᠨ᠎ᠠ᠃ ᠲᠤᠰ | ᠪᠡᠯᠡᠳᠬᠡᠯ ᠲᠥᠰᠥᠯ ᠳᠤ ᠬᠡᠯᠡᠵᠦ ᠪᠠᠶᠢᠭ᠎ᠠ ᠳᠠᠮᠵᠢᠭᠤᠯᠬᠤ ᠬᠤᠭᠤᠯᠠᠢ ᠶᠢᠨ ᠠᠶᠤᠯᠭᠦᠢ ᠶᠢᠨ ᠠᠳᠡᠯ ᠭᠡᠳᠡᠭ ᠨᠢ ᠳᠠᠮᠵᠢᠭᠤᠯᠬᠤ ᠬᠤᠭᠤᠯᠠᠢ ᠶᠢ ᠠᠵᠢᠯᠯᠠᠭᠤᠯᠬᠤ | ᠂ ᠠᠵᠢᠯᠯᠠᠬᠤ ᠶᠢ ᠨᠢ ᠵᠣᠭᠰᠤᠭᠠᠬᠤ᠂ ᠪᠢᠲᠡᠭᠦᠮᠵᠢᠯᠡᠨ ᠬᠠᠳᠠᠭᠠᠯᠠᠬᠤ᠂ ᠬᠡᠷᠡᠭᠴᠡᠭᠡ ᠠᠴᠠ ᠭᠠᠷᠭᠠᠬᠤ ᠵᠡᠷᠭᠡ ᠶᠠᠪᠤᠴᠠ ᠳᠤ ᠭᠠᠷᠤᠭᠰᠠᠨ ᠭᠤᠭᠤᠵᠢᠭᠰᠠᠨ᠂ | ᠭᠠᠯ ᠤᠨ ᠠᠶᠤᠯ᠂ ᠳᠡᠯᠪᠡᠷᠡᠯᠲᠡ ᠵᠡᠷᠭᠡ ᠠᠶᠤᠯᠭᠦᠢ ᠶᠢᠨ ᠠᠳᠡᠯ ᠢ ᠵᠢᠭᠠᠵᠤ ᠪᠠᠶᠢᠨ᠎ᠠ᠃ | ᠳᠥᠷᠪᠡ᠂ ᠠᠵᠢᠯ ᠤᠨ ᠵᠠᠷᠴᠢᠮ ᠬᠥᠮᠥᠨ ᠢᠶᠠᠷ ᠦᠨᠳᠦᠰᠦ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠎ᠠ︔ ᠨᠢᠭᠡᠳᠦᠯᠲᠡᠢ | ᠵᠢᠯᠤᠭᠤᠳᠴᠤ᠂ ᠱᠠᠲᠤ ᠬᠤᠪᠢᠶᠠᠨ ᠬᠠᠷᠢᠭᠤᠴᠠᠨ᠎ᠠ︔ ᠪᠡᠯᠡᠳᠬᠡᠯ ᠠᠵᠢᠯ ᠢ ᠤᠶᠠᠯᠳᠤᠭᠤᠯᠬᠤ᠂ ᠲᠤᠰᠬᠠᠢ ᠠᠵᠢᠯ ᠢ ᠬᠠᠪᠰᠤᠷᠭᠠᠨ ᠬᠢᠬᠦ ᠶᠢ | ᠤᠶᠠᠯᠳᠤᠭᠤᠯᠬᠤ︔ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠵᠤ᠂ ᠬᠠᠮᠢᠶᠠᠷᠤᠯᠲᠠ ᠪᠠᠨ ᠴᠢᠩᠭᠠᠳᠬᠠᠨ᠎ᠠ᠃ | ᠲᠠᠪᠤ᠂ ᠭᠤᠣᠯ ᠠᠭᠤᠯᠭ᠎ᠠ ᠪᠡᠯᠡᠳᠬᠡᠯ ᠲᠥᠰᠥᠯ ᠨᠢ ᠨᠡᠶᠢᠲᠡ 10 ᠪᠦᠯᠦᠭ ᠬᠡᠰᠡᠭ ᠵᠢᠴᠢ 2 ᠳᠠᠭᠠᠯᠳᠤᠭᠤᠯᠤᠯ ᠲᠠᠢ᠃ | ᠨᠢᠭᠡᠳᠦᠭᠡᠷ ᠪᠦᠯᠦᠭ᠂ ᠶᠡᠷᠦᠩᠬᠡᠢ ᠳᠦᠷᠢᠮ᠃ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ | ᠂ ᠳᠠᠮᠵᠢᠭᠤᠯᠬᠤ ᠬᠤᠭᠤᠯᠠᠢ ᠶᠢᠨ ᠠᠶᠤᠯᠭᠦᠢ ᠶᠢᠨ ᠠᠳᠡᠯ ᠤᠨ ᠲᠡᠰ ᠢ ᠲᠣᠳᠣᠷᠬᠠᠢ ᠪᠣᠯᠭᠠᠪᠠ᠃ | ᠬᠤᠶᠠᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠶᠢᠨ ᠵᠢᠯᠤᠭᠤᠳᠬᠤ ᠰᠢᠰᠲ᠋ᠧᠮᠵᠢ ᠪᠠ ᠡᠭᠦᠷᠭᠡ ᠬᠠᠷᠢᠭᠤᠴᠠᠯᠭ᠎ᠠ | ᠃ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠶᠢ ᠵᠣᠬᠢᠶᠠᠨ ᠪᠠᠶᠢᠭᠤᠯᠵᠤ ᠵᠢᠯᠤᠭᠤᠳᠬᠤ ᠪᠠᠶᠢᠭᠤᠯᠤᠮᠵᠢ᠂ ᠬᠤᠰᠢᠭᠤ ᠰᠢᠶᠠᠨ ᠲᠣᠭᠤᠷᠢᠭ ᠤᠨ | ᠪᠠᠴᠢᠮ ᠪᠠᠶᠢᠳᠠᠯ ᠢ ᠠᠷᠭᠠᠴᠠᠬᠤ ᠶᠢ ᠵᠢᠯᠤᠭᠤᠳᠬᠤ ᠪᠠᠶᠢᠭᠤᠯᠤᠮᠵᠢ᠂ ᠬᠠᠮᠢᠶ᠎ᠠ ᠪᠦᠬᠦᠢ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠶᠢ | ᠵᠢᠯᠤᠭᠤᠳᠬᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠵᠢᠴᠢ ᠬᠤᠲᠠ ᠶᠢᠨ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠡ ᠶᠢᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ | ᠭᠤᠷᠪᠠᠳᠤᠭᠠᠷ ᠪᠦᠯᠦᠭ᠂ ᠠᠶᠤᠯ ᠲᠦᠭᠰᠢᠭᠦᠷᠢ ᠪᠠ ᠬᠤᠣᠷ ᠬᠥᠨᠥᠭᠡᠯ ᠤᠨ ᠵᠠᠳᠠᠯᠤᠯᠲᠠ᠃ ᠳᠠᠮᠵᠢᠭᠤᠯᠬᠤ ᠬᠤᠭᠤᠯᠠᠢ ᠶᠢᠨ ᠠᠶᠤᠯᠭᠦᠢ ᠶᠢᠨ ᠠᠳᠡᠯ | ᠭᠠᠷᠤᠭᠰᠠᠨ ᠠᠴᠠ ᠪᠣᠯᠤᠭᠰᠠᠨ ᠠᠶᠤᠯ ᠲᠦᠭᠰᠢᠭᠦᠷᠢ ᠪᠠ ᠬᠤᠣᠷ ᠬᠥᠨᠥᠭᠡᠯ ᠢ ᠵᠠᠳᠠᠯᠪᠠ᠃ | ᠳᠥᠷᠪᠡᠳᠦᠭᠡᠷ ᠪᠦᠯᠦᠭ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠤᠷᠢᠳᠴᠢᠯᠠᠨ ᠰᠡᠷᠭᠡᠶᠢᠯᠡᠬᠦ᠃ ᠳᠠᠯᠳᠠ ᠭᠡᠮ ᠢ ᠵᠢᠭᠰᠠᠭᠠᠨ ᠪᠠᠶᠢᠴᠠᠭᠠᠬᠤ | ᠪᠠ ᠤᠷᠢᠳᠴᠢᠯᠠᠨ ᠰᠡᠷᠭᠡᠶᠢᠯᠡᠬᠦ ᠠᠷᠭ᠎ᠠ ᠮᠠᠶ᠋ᠢᠭ ᠢ ᠲᠣᠳᠣᠷᠬᠠᠢ ᠪᠣᠯᠭᠠᠪᠠ᠃ | ᠲᠠᠪᠤᠳᠤᠭᠠᠷ ᠪᠦᠯᠦᠭ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ᠃ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠶᠢ ᠲᠠᠰ ᠬᠤᠪᠢᠶᠠᠬᠤ᠂ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ᠂ ᠤᠷᠢᠳᠴᠢᠯᠠᠨ | ᠰᠡᠷᠡᠮᠵᠢᠯᠡᠭᠦᠯᠬᠦ ᠠᠵᠢᠯᠯᠠᠭ᠎ᠠ ᠶᠢᠨ ᠲᠠᠰ ᠳᠠᠷᠠᠭᠠᠯᠠᠯ᠂ ᠠᠭᠤᠯᠭ᠎ᠠ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠵᠢᠷᠤᠮᠵᠢᠭᠤᠯᠪᠠ᠃ | ᠵᠢᠷᠭᠤᠳᠤᠭᠠᠷ ᠪᠦᠯᠦᠭ᠂ ᠮᠡᠳᠡᠭᠡ ᠵᠠᠩᠭᠢ ᠶᠢ ᠮᠡᠳᠡᠭᠦᠯᠬᠦ ᠪᠠ ᠤᠷᠢᠳᠴᠢᠯᠠᠨ ᠰᠢᠢᠳᠪᠦᠷᠢᠯᠡᠬᠦ᠃ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠴᠠᠭ ᠤᠨ | ᠬᠢᠵᠠᠭᠠᠷ ᠪᠠ ᠤᠷᠢᠳ ᠢᠶᠠᠷ ᠰᠢᠢᠳᠪᠦᠷᠢᠯᠡᠬᠦ ᠠᠷᠭ᠎ᠠ ᠶᠢ ᠲᠣᠳᠣᠷᠬᠠᠢ ᠪᠣᠯᠭᠠᠪᠠ᠃ | ᠳᠣᠯᠣᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠨ᠎ᠠ᠃ ᠠᠳᠠᠯᠢ ᠪᠤᠰᠤ ᠲᠡᠰ ᠤᠨ ᠦᠢᠯᠡᠳᠪᠦᠷᠢᠯᠡᠯ ᠤᠨ ᠠᠮᠤᠷ ᠲᠦᠪᠰᠢᠨ ᠤ | ᠠᠳᠡᠯ ᠤᠨ ᠴᠤᠤᠷᠢᠶᠠᠲᠤᠨ ᠳᠠᠭᠠᠬᠤ ᠭᠤᠣᠯ ᠴᠣᠭᠴᠠ ᠵᠢᠴᠢ ᠰᠢᠢᠳᠪᠦᠷᠢᠯᠡᠬᠦ ᠠᠵᠢᠯᠯᠠᠭ᠎ᠠ ᠶᠢ ᠨᠠᠷᠢᠯᠢᠭᠵᠢᠭᠤᠯᠵᠠᠢ᠃ ᠱᠠᠲᠤ ᠬᠤᠪᠢᠶᠠᠨ ᠠᠷᠭᠠᠴᠠᠬᠤ᠂ | ᠱᠠᠲᠤ ᠬᠤᠪᠢᠶᠠᠨ ᠳᠠᠭᠠᠬᠤ᠂ ᠱᠠᠲᠤ ᠬᠤᠪᠢᠶᠠᠨ ᠰᠢᠢᠳᠪᠦᠷᠢᠯᠡᠬᠦ᠂ ᠮᠡᠳᠡᠭᠡ ᠵᠠᠩᠭᠢ ᠨᠡᠶᠢᠲᠡᠯᠡᠬᠦ᠂ ᠳᠠᠭᠠᠬᠤ ᠶᠢ ᠵᠣᠭᠰᠤᠭᠠᠬᠤ ᠵᠡᠷᠭᠡ ᠠᠭᠤᠯᠭ᠎ᠠ ᠶᠢ | ᠨᠠᠶᠢᠷᠠᠭᠤᠯᠤᠨ ᠵᠣᠬᠢᠶᠠᠪᠠ᠃ | ᠨᠠᠢᠮᠠᠳᠤᠭᠠᠷ ᠪᠦᠯᠦᠭ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠃ ᠬᠤᠶᠢᠰᠢᠳᠠ ᠶᠢᠨ ᠶᠠᠪᠤᠳᠠᠯ ᠢ ᠰᠢᠢᠳᠪᠦᠷᠢᠯᠡᠬᠦ᠂ ᠠᠳᠡᠯ ᠢ | ᠪᠠᠶᠢᠴᠠᠭᠠᠬᠤ᠂ ᠳ᠋ᠦᠩᠨᠡᠨ ᠦᠨᠡᠯᠡᠬᠦ ᠠᠭᠤᠯᠭ᠎ᠠ ᠶᠢ ᠲᠣᠳᠣᠷᠬᠠᠢ ᠪᠣᠯᠭᠠᠪᠠ᠃ | ᠶᠢᠰᠦᠳᠦᠭᠡᠷ ᠪᠦᠯᠦᠭ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠲᠤᠯᠠᠭ᠎ᠠ᠂ ᠡᠳ᠋ ᠪᠣᠳᠠᠰ ᠲᠣᠨᠤᠭ | ᠲᠥᠬᠦᠭᠡᠷᠦᠮᠵᠢ ᠶᠢᠨ ᠪᠠᠲᠤᠯᠠᠭ᠎ᠠ᠂ ᠪᠡᠯᠡ ᠮᠥᠩᠭᠦ ᠶᠢᠨ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ᠂ ᠤᠬᠠᠭᠤᠯᠭ᠎ᠠ ᠬᠢᠭᠡᠳ ᠪᠣᠯᠪᠠᠰᠤᠷᠠᠭᠤᠯᠤᠯ ᠤᠨ | ᠪᠠᠲᠤᠯᠠᠭ᠎ᠠ ᠶᠢ ᠰᠠᠶᠢᠲᠤᠷ ᠬᠢᠬᠦ ᠶᠢ ᠲᠣᠳᠣᠷᠬᠠᠶᠢᠯᠠᠬᠤ ᠬᠡᠷᠡᠭᠲᠡᠢ᠃ | ᠠᠷᠪᠠᠳᠤᠭᠠᠷ ᠪᠦᠯᠦᠭ᠂ ᠳᠠᠭᠠᠯᠳᠤᠭᠤᠯᠤᠭᠰᠠᠨ ᠳᠦᠷᠢᠮ᠃ ᠪᠡᠯᠡᠳᠬᠡᠯ ᠲᠥᠰᠥᠯ ᠤᠨ ᠬᠠᠮᠢᠶᠠᠷᠤᠯᠲᠠ᠂ ᠪᠡᠯᠡᠳᠬᠡᠯ ᠲᠥᠰᠥᠯ ᠢ ᠬᠡᠷᠡᠭᠵᠢᠭᠦᠯᠬᠦ | ᠵᠠᠷᠴᠢᠮ ᠢ ᠲᠣᠳᠣᠷᠬᠠᠶᠢᠯᠠᠪᠠ | |