ᠤᠷᠠᠳ ᠤᠨ ᠡᠮᠦᠨᠡᠲᠦ ᠬᠤᠰᠢᠭᠤᠨ ᠤ ᠠᠩᠬᠠᠳᠠᠭᠴᠢ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠴᠣᠭᠴᠠᠯᠠᠬᠤ ᠬᠦᠷᠢᠶᠡᠯᠡᠩ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/8/3
     ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ  ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠰᠢᠭᠦᠨ ᠠᠵᠤ ᠠᠬᠤᠶᠢᠯᠠᠯ  ᠪᠣᠯᠬᠤ ᠸᠠᠨ ᠨᠦᠩ ᠯᠢᠶᠠᠨ ᠴᠤᠸᠠᠩ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ  ᠦᠢᠯᠡᠰ ᠤᠨ ᠬᠦᠷᠢᠶᠡᠯᠡᠩ ᠤᠨ ᠬᠢᠵᠠᠭᠠᠷᠲᠤ ᠺᠣᠮᠫᠠᠨᠢ ᠪᠣᠯᠤᠨ ᠪᠠᠶᠠᠨᠨᠠᠭᠤᠷ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠴᠣᠭᠴᠠᠯᠠᠬᠤ ᠬᠦᠷᠢᠶᠡᠯᠡᠩ ᠳᠤ ᠫᠠᠶᠢᠰᠠ  ᠡᠯᠭᠦᠬᠦ ᠶᠣᠰᠣᠯᠠᠯ ᠶᠠᠪᠤᠭᠤᠯᠪᠠ᠃ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠤᠷᠠᠳ ᠤᠨ ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠷᠠᠳ ᠤᠨ ᠡᠮᠦᠨᠡᠲᠦ ᠬᠤᠰᠢᠭᠤᠨ ᠤ ᠥᠲᠡᠭᠦᠰ ᠤᠨ ᠦᠢᠯᠡᠰ ᠢ ᠠᠬᠢᠭᠤᠯᠬᠤ ᠬᠤᠷᠠᠯ᠂ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠬᠤᠷᠠᠯ ᠳᠤ ᠣᠷᠣᠯᠴᠠᠪᠠ᠃ 

退役军人创业1.png

     ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠣᠯ

ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠪᠥᠬᠦ ᠬᠤᠲᠠ ᠶᠢᠨ ᠴᠡᠷᠢᠭ ᠬᠠᠯᠠᠭᠳᠠᠭᠰᠠᠳ ᠲᠤ ᠠᠵᠢᠯ ᠣᠯᠵᠤ ᠦᠢᠯᠡᠰ ᠴᠣᠭᠴᠠᠯᠠᠬᠤ ᠦᠢᠯᠡᠴᠢᠯᠡᠭᠡ

ᠬᠠᠩᠭᠠᠬᠤ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠴᠣᠭᠴᠠᠯᠠᠬᠤ ᠠᠵᠢᠯ ᠤᠨ ᠲᠤᠬᠠᠶ ᠨᠢᠭᠡ

ᠤᠳᠠᠭᠠᠨ ᠤ ᠴᠣ ᠰᠢᠨ᠎ᠡ ᠰᠥᠪᠡᠭᠴᠢᠯᠡᠯᠲᠡ ᠮᠥᠨ᠂ ᠨᠡᠶᠢᠭᠡᠮ ᠳᠠᠶᠠᠭᠠᠷ ᠲᠤ ᠴᠡᠷᠢᠭ ᠠᠴᠠ ᠬᠠᠯᠠᠭᠳᠠᠭᠰᠠᠳ ᠢ ᠬᠦᠨᠳᠦᠳᠬᠡᠬᠦ ᠭᠦᠨ ᠵᠤᠵᠠᠭᠠᠨ ᠠᠭᠤᠷ

ᠠᠮᠢᠰᠬᠤᠯ ᠢ ᠪᠣᠶ ᠪᠣᠯᠭᠠᠬᠤ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ ᠭᠡᠪᠡ᠃ 

退役军人创业2.jpg

     ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ  ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠢᠱᠢᠶ᠎ᠡ ᠦᠵᠡᠭᠦᠯᠦᠨ

ᠬᠥᠲᠥᠯᠥᠨ ᠳᠠᠭᠠᠭᠤᠯᠬᠤ  ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠠᠵᠢᠯ ᠢᠶᠠᠨ ᠤᠯᠠᠮ ᠨᠢᠭᠡ ᠠᠯᠬᠤᠮ ᠰᠢᠨᠡᠴᠢᠯᠡᠵᠦ᠂ ᠲᠠᠪᠴᠠᠩ ᠤᠨ 

ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠨᠡᠶᠢᠭᠡᠮ ᠤᠨ ᠡᠬᠢ ᠪᠠᠶᠠᠯᠢᠭ ᠤᠨ ᠣᠷᠣᠭᠤᠯᠤᠯᠲᠠ ᠶᠢ ᠳᠠᠶᠢᠴᠢᠯᠠᠵᠤ᠂  ᠦᠢᠯᠡᠴᠢᠯᠡᠭᠡ ᠶᠢ ᠰᠠᠶᠢᠲᠤᠷ ᠬᠢᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ