ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ᠂ ᠴᠡᠴᠡᠷᠯᠢᠭ ᠵᠡᠷᠭᠡ ᠣᠯᠠᠨ ᠨᠡᠶᠢᠲᠡ ᠶᠢᠨ ᠭᠠᠵᠠᠷ ᠲᠤ ᠪᠤᠰᠤᠳ ᠬᠥᠮᠦᠨ ᠤ | ᠰᠠᠭᠤᠭᠰᠠᠨ ︽ᠬᠠᠯᠠᠭᠤᠨ ᠰᠠᠨᠳᠠᠯᠢ︾ ᠲᠡᠭᠡᠷ᠎ᠡ ᠰᠠᠭᠤᠬᠤ ᠨᠢ ᠵᠠᠶᠢᠯᠠᠰᠢ ᠦᠭᠡᠢ ᠶᠤᠮ᠃ ᠡᠭᠦᠨ ᠳᠤ ᠶᠠᠭᠤ ᠶᠢ ᠠᠩᠬᠠᠷᠪᠠᠯ ᠵᠣᠬᠢᠬᠤ ᠪᠣᠶ︖ | ᠬᠡᠷᠪᠡ ᠲᠡᠬᠦᠨ ᠤ ᠠᠷᠠᠰᠤ ᠨᠢ ᠰᠠᠨᠳᠠᠯᠢ ᠪᠤᠶᠤ ᠰᠠᠨᠳᠠᠯᠢ ᠶᠢᠨ ᠲᠦᠰᠢᠯᠭᠡ ᠳᠡᠭᠡᠷ᠎ᠡ ᠰᠢᠭᠤᠳ ᠬᠦᠷᠦᠯᠴᠡᠭᠰᠡᠨ ᠪᠠᠶᠢᠪᠠᠯ᠂ ᠰᠠᠨᠳᠠᠯᠢ ᠳᠡᠭᠡᠷ᠎ᠡ | ᠲᠡᠬᠦᠨ ᠤ ᠬᠠᠭ᠂ ᠬᠥᠯᠥᠰᠥ ᠵᠡᠷᠭᠡ ᠨᠢ ᠦᠯᠡᠳᠡᠬᠦ ᠪᠣᠯᠤᠯᠴᠠᠭ᠎ᠠ ᠲᠠᠢ᠃ ᠬᠡᠷᠪᠡ ᠨᠢᠭᠡ ᠬᠥᠮᠦᠨ ᠤ ᠠᠷᠠᠰᠤ ᠬᠦᠷᠦᠰᠤ ᠨᠢ ᠪᠦᠷᠢᠨ ᠪᠦᠲᠦᠨ ᠪᠠᠶᠢᠪᠠᠯ᠂ | ᠰᠠᠨᠳᠠᠯᠢ ᠳᠡᠭᠡᠷᠡᠬᠢ ᠡᠳᠡᠭᠡᠷ ᠦᠢᠯᠡᠳᠦᠭᠳᠡᠯ ᠪᠣᠳᠠᠰ ᠨᠢ ᠬᠤᠪᠢ ᠬᠥᠮᠦᠨ ᠤ ᠡᠷᠡᠭᠦᠯ ᠮᠡᠨᠳᠦ ᠳᠤ ᠰᠦᠷᠳᠡᠭᠦᠯᠦᠯ ᠪᠣᠯᠬᠤ ᠦᠭᠡᠢ ᠶᠤᠮ᠃ ᠭᠡᠪᠡᠴᠦ ᠵᠠᠷᠢᠮ | ᠡᠪᠡᠳᠴᠢᠨ ᠡᠭᠦᠰᠭᠡᠭᠴᠢ᠂ ᠵᠢᠱᠢᠶᠡᠯᠡᠪᠡᠯ ᠰᠡᠷᠬᠡᠨᠦᠳ᠂ ᠠᠷᠠᠰᠤᠨ ᠤ ᠡᠷᠢᠬᠡᠯᠢᠭ ᠪᠠᠺᠲ᠋ᠧᠷᠢ ᠂ ᠬᠠᠮᠠᠭᠤ᠂ ᠢᠯᠢᠳᠦ ᠵᠡᠷᠭᠡ ᠶᠢᠨ ᠡᠪᠡᠳᠴᠢᠨ ᠭᠡᠮ ᠲᠠᠢ | ᠡᠪᠡᠳᠴᠢᠲᠡᠨ ᠤ ᠡᠪᠡᠳᠴᠢᠯᠡᠭᠰᠡᠨ ᠬᠡᠰᠡᠭ ᠨᠢ ᠪᠦᠷᠢᠮᠦᠰᠦᠨ ᠡᠳᠡᠭᠡᠷᠡᠭᠡᠳᠦᠢ ᠨᠥᠬᠦᠴᠡᠯ ᠳᠣᠣᠷ᠎ᠠ ᠰᠢᠭᠤᠳ ᠰᠠᠨᠳᠠᠯᠢ ᠳᠡᠭᠡᠷ᠎ᠡ ᠬᠦᠷᠦᠯᠴᠡᠭᠰᠡᠨ ᠪᠣᠯ ᠳᠠᠷᠠᠭ᠎ᠠ | ᠰᠠᠭᠤᠭᠰᠠᠨ ᠬᠥᠮᠦᠨ ᠤ ᠠᠷᠠᠰᠤᠨ ᠳᠤ ᠬᠦᠷᠦᠯᠴᠡᠪᠡᠯ ᠳᠠᠷᠤᠢ ᠬᠠᠯᠳᠠᠪᠤᠷᠢᠯᠠᠬᠤ ᠪᠣᠯᠤᠯᠴᠠᠭ᠎ᠠ ᠲᠠᠢ᠃ | ᠬᠠᠯᠠᠭᠤᠨ ᠰᠠᠨᠳᠠᠯᠢ ᠳᠡᠭᠡᠷ᠎ᠡ ᠰᠠᠭᠤᠬᠤ ᠨᠢ ᠬᠤᠰᠬᠢᠨᠠᠭ ᠪᠤᠶᠤ ᠰᠢᠭᠡᠰᠦᠨ ᠰᠦᠪᠡ ᠪᠠᠷ ᠳᠠᠮᠵᠢᠬᠤ ᠡᠪᠡᠳᠴᠢᠨ ᠢ ᠠᠮᠠᠷᠬᠠᠨ ᠲᠠᠷᠬᠠᠭᠠᠬᠤ ᠦᠭᠡᠢ᠃ | ᠥᠩᠭᠡᠨ ᠡᠪᠡᠳᠴᠢᠨ᠂ ᠵᠢᠱᠢᠶᠡᠯᠡᠪᠡᠯ ᠲᠡᠮᠪᠤᠤ ᠡᠪᠡᠳᠴᠢᠨ᠂ ᠠᠶᠢᠽ ᠡᠪᠡᠳᠴᠢᠨ ᠵᠡᠷᠭᠡ᠂ ᠲᠡᠳᠡᠭᠡᠷ ᠤᠨ ᠬᠠᠯᠳᠠᠪᠤᠷᠢᠯᠠᠬᠤ ᠵᠠᠮ ᠨᠢ ᠭᠤᠣᠯᠳᠠᠭᠤ ᠭᠤᠷᠪᠠᠨ | ᠵᠦᠢᠯ ᠪᠠᠶᠢᠳᠠᠭ᠄ ᠬᠤᠷᠢᠴᠠᠯ ᠤᠨ ᠠᠵᠢᠯᠯᠠᠭ᠎ᠠ᠂ ᠴᠢᠰᠤ᠂ ᠡᠬᠡ ᠨᠢᠯᠬᠠᠰ ᠢᠶᠠᠷ ᠰᠢᠭᠤᠳ ᠲᠠᠷᠬᠠᠭᠠᠨ᠎ᠠ᠃ ᠬᠠᠯᠠᠭᠤᠨ ᠰᠠᠨᠳᠠᠯᠢ ᠲᠡᠭᠡᠷ᠎ᠡ ᠰᠠᠭᠤᠬᠤ ᠨᠢ | ᠦᠩᠭᠡᠨ ᠤ ᠡᠪᠡᠳᠴᠢᠨ ᠬᠠᠯᠳᠠᠪᠤᠷᠢᠯᠠᠬᠤ ᠦᠭᠡᠢ᠃ | ᠪᠤᠰᠤᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯᠠᠪᠤᠷ᠂ ᠵᠢᠱᠢᠶᠡᠯᠡᠪᠡᠯ ᠵᠣᠷᠯᠣᠩ ᠤᠨ ᠰᠠᠭᠤᠳᠠᠯ᠂ ᠴᠠᠬᠢᠯᠭᠠᠨ ᠱᠠᠲᠤ ᠪᠠ ᠭᠠᠵᠠᠷ | ᠳᠤᠤᠷᠠᠬᠢ ᠲᠡᠮᠦᠷ ᠵᠠᠮ ᠤᠨ ᠲᠦᠰᠢᠭᠦᠷ᠂ ᠤᠮᠪᠠᠯᠲᠠ ᠶᠢᠨ ᠭᠠᠵᠠᠷ ᠵᠡᠷᠭᠡ ᠨᠢ ᠴᠥᠮ ᠣᠯᠠᠨ ᠨᠡᠶᠢᠲᠡ ᠶᠢᠨ ᠲᠠᠯᠠᠪᠤᠷ ᠪᠣᠯᠤᠨ᠎ᠠ᠃ ᠠᠷᠢᠭᠤᠨ ᠴᠡᠪᠡᠷ ᠤᠨ | ᠨᠥᠬᠦᠴᠡᠯ ᠢᠶᠠᠷ ᠠᠨᠠᠶ ᠵᠣᠷᠯᠣᠩ ᠢ ᠠᠯᠢ ᠴᠢᠳᠠᠬᠤ ᠪᠠᠷ ᠬᠡᠷᠡᠭᠯᠡᠬᠦ ᠥᠬᠡᠶ ᠪᠠᠶᠢᠪᠠᠯ ᠵᠤᠬᠢᠨ᠎ᠠ᠂ ᠣᠴᠦ᠋ᠢᠵᠤ ᠰᠠᠭᠤᠬᠤ ᠨᠦᠬᠡ ᠲᠠᠢ ᠵᠣᠷᠯᠣᠩ ᠢ ᠰᠣᠩᠭᠤᠵᠤ᠂ | ᠰᠢᠭᠤᠳ ᠠᠷᠠᠰᠤ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠶ᠃ | |