ᠤᠷᠠᠳ ᠤᠨ ᠡᠮᠦᠨᠡᠲᠦ ᠬᠤᠰᠢᠭᠤᠨ ᠤ ᠰᠤᠳᠠᠯ ᠤᠨ ᠬᠤᠳᠳᠤᠭ ᠪᠠᠯᠭᠠᠰᠤ ᠠᠮᠢᠳᠤᠷᠠᠯ ᠨᠢ ᠬᠦᠴᠢᠷᠳᠡᠯᠲᠡᠢ ᠡᠷᠦᠭᠡ ᠳᠤ ᠤᠯᠠᠭᠠᠨ ᠲᠦᠷᠦᠭᠦᠲᠦ ᠭᠠᠯᠠᠭᠤ ᠶᠢᠨ ᠳᠡᠭᠳᠡᠭᠡᠬᠡᠢ ᠬᠤᠪᠢᠶᠠᠪᠠ
ᠨᠡᠶᠢᠲᠡᠯᠡᠭᠰᠡᠨ ᠴᠠᠭ᠄
2023/8/31
      ᠤᠷᠠᠳ ᠤᠨ ᠡᠮᠦᠨᠡᠲᠦ ᠬᠤᠰᠢᠭᠤᠨ ᠤ ᠰᠤᠳᠠᠯ ᠤᠨ ᠬᠤᠳᠳᠤᠭ ᠪᠠᠯᠭᠠᠰᠤ ᠲᠤᠬᠠᠢ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠰᠠᠨ ᠡᠷᠦᠭᠡ ᠪᠠ ᠬᠢᠨᠠᠨ ᠰᠢᠯᠭᠠᠵᠤ ᠪᠠᠶᠢᠭ᠎ᠠ ᠡᠷᠦᠭᠡ ᠶᠢᠨ ᠪᠤᠳᠠᠲᠠᠢ ᠪᠠᠶᠢᠳᠠᠯ ᠢ ᠨᠢ ᠭᠦᠢᠴᠡᠳ ᠪᠣᠳᠣᠯᠬᠢᠯᠠᠨ᠂ ᠤᠯᠠᠭᠠᠨ ᠲᠥᠷᠦᠭᠦᠲᠦ ᠭᠠᠯᠠᠭᠤ ᠶᠢᠨ ᠳᠡᠭᠳᠡᠭᠡᠬᠡᠢ ᠶᠢ ᠦᠨ᠎ᠡ ᠲᠦᠯᠦᠪᠦᠷᠢ ᠦᠭᠡᠢ ᠪᠠᠷ ᠬᠤᠪᠢᠶᠠᠨ ᠥᠭᠬᠦ ᠠᠷᠭ᠎ᠠ ᠪᠠᠷ ᠲᠡᠳᠡᠨ ᠤ ᠠᠮᠢᠳᠤᠷᠠᠯ ᠢ ᠨᠢ  ᠪᠠᠲᠤᠯᠠᠨ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠠᠷᠢᠯᠠᠵᠤ ᠪᠤᠢ᠃

鸿雁5.jpg

     ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠰᠤᠳᠠᠯ ᠤᠨ ᠬᠤᠳᠳᠤᠭ ᠪᠠᠯᠭᠠᠰᠤ ᠶᠢᠨ ᠰᠤᠳᠠᠯ ᠤᠨ ᠬᠤᠳᠳᠤᠭ ᠲᠣᠰᠬᠤᠨ ᠤ

ᠠᠭᠤᠳᠠᠮ ᠲᠠᠯᠠᠪᠠᠶ ᠳᠤ᠂ ᠠᠵᠢᠯᠲᠠᠳ ᠠᠴᠠ ᠶᠠᠳᠠᠭᠤ ᠠᠴᠠ ᠠᠩᠭᠢᠵᠢᠷᠠᠭᠰᠠᠨ ᠡᠷᠦᠭᠡ ᠪᠠ ᠬᠢᠨᠠᠨ ᠰᠢᠯᠭᠠᠵᠤ ᠪᠠᠶᠢᠭ᠎ᠠ ᠡᠷᠦᠭᠡ ᠳᠤ ᠤᠯᠠᠭᠠᠨ ᠲᠦᠷᠦᠭᠦᠲᠦ

ᠭᠠᠯᠠᠭᠤ ᠶᠢᠨ ᠳᠡᠭᠳᠡᠭᠡᠬᠡᠢ ᠶᠢ ᠦᠨ᠎ᠡ ᠲᠥᠯᠥᠪᠦᠷᠢ ᠦᠭᠡᠢ ᠪᠠᠷ ᠬᠤᠪᠢᠶᠠᠵᠤ ᠥᠭᠭᠦ ᠬᠠᠷᠠᠭᠳᠠᠨ᠎ᠠ᠃ ︽ᠤᠯᠠᠭᠠᠨ ᠲᠦᠷᠦᠭᠦᠲᠦ ᠭᠠᠯᠠᠭᠤ ᠲᠡᠵᠢᠭᠡᠬᠦ ᠳᠤ

ᠶᠡᠭᠡ ᠠᠮᠠᠷᠬᠠᠨ᠂ ᠬᠡᠭᠡᠷ᠎ᠡ ᠶᠢᠨ ᠡᠪᠡᠰᠦ ᠨᠣᠭᠤᠭ᠎ᠠ ᠢᠳᠡᠵᠦ᠂ ᠪᠠᠰᠠ ᠵᠢᠭᠠᠬᠠᠨ ᠰᠢᠰᠢ ᠲᠡᠵᠢᠭᠡᠪᠡᠯ ᠪᠣᠯᠴᠢᠬᠠᠨ᠎ᠠ᠃ ᠭᠤᠷᠪᠠᠨ ᠰᠠᠷ᠎ᠠ ᠭᠠᠷᠤᠢ ᠲᠡᠵᠢᠭᠡᠪᠡᠯ

ᠬᠤᠳᠠᠯᠳᠤᠵᠤ ᠪᠣᠯᠳᠠᠭ︾ ᠭᠡᠵᠦ ᠳᠡᠭᠳᠡᠭᠡᠬᠡᠢ ᠲᠣᠰᠴᠤ ᠠᠪᠤᠭᠰᠠᠨ ᠲᠣᠰᠬᠤᠨ ᠤ ᠠᠷᠠᠳ ᠬᠠᠨ ᠮᠣᠤ  ᠬᠤᠸᠠ ᠰᠤᠷᠪᠤᠯᠵᠢᠯᠠᠭᠴᠢ ᠳᠤ ᠠᠮᠠ ᠬᠠᠮᠬᠢᠯ

ᠦᠭᠡᠢ ᠪᠠᠶᠠᠷᠯᠠᠨ ᠬᠡᠯᠡᠨ᠎ᠡ᠃

     ᠤᠯᠠᠭᠠᠨ ᠲᠥᠷᠦᠭᠦᠲᠦ ᠭᠠᠯᠠᠭᠤ ᠨᠢ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠳᠣᠣᠷ᠎ᠠ᠂ ᠥᠨᠳᠡᠭᠡᠯᠡᠬᠦ ᠨᠣᠷᠮ᠎ᠠ ᠥᠨᠳᠥᠷ᠂ ᠲᠡᠵᠢᠭᠡᠵᠦ

ᠠᠷᠠᠴᠢᠯᠠᠬᠤ ᠳᠤ ᠲᠥᠬᠦᠮ ᠵᠡᠷᠭᠡ ᠳᠠᠪᠠᠭᠤᠯᠢᠭ ᠲᠠᠯ᠎ᠠ ᠲᠠᠢ ᠶᠤᠮ᠃ ᠲᠤᠬᠠᠢ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠰᠠᠨ ᠡᠷᠦᠭᠡ ᠪᠠ ᠬᠢᠨᠠᠨ

ᠰᠢᠯᠭᠠᠵᠤ ᠪᠠᠶᠢᠭ᠎ᠠ ᠡᠷᠦᠭᠡ ᠶᠢᠨ ᠤᠯᠠᠭᠠᠨ ᠲᠥᠷᠦᠭᠦᠲᠦ ᠭᠠᠯᠠᠭᠤ ᠲᠡᠵᠢᠭᠡᠨ ᠦᠷᠡᠵᠢᠭᠦᠯᠵᠦ ᠪᠠᠶᠢᠭ᠎ᠠ ᠪᠣᠳᠠᠲᠤ ᠪᠠᠶᠢᠳᠠᠯ ᠢ ᠦᠨᠳᠦᠰᠦᠯᠡᠨ᠂ ᠰᠤᠳᠠᠯ ᠤᠨ

ᠬᠤᠳᠳᠤᠭ ᠪᠠᠯᠭᠠᠰᠤ ᠮᠢᠩᠭ᠎ᠠ ᠰᠢᠬᠠᠮ ᠤᠯᠠᠭᠠᠨ ᠲᠦᠷᠦᠭᠦᠳᠦ ᠭᠠᠯᠠᠭᠤ ᠶᠢᠨ ᠳᠡᠭᠳᠡᠭᠡᠬᠡᠢ ᠶᠢ ᠢᠳᠡᠪᠬᠢᠲᠡᠢ ᠪᠠᠷ ᠵᠣᠬᠢᠴᠠᠭᠤᠯᠤᠨ ᠬᠤᠳᠠᠯᠳᠤᠨ ᠠᠪᠴᠤ᠂

ᠶᠠᠳᠠᠭᠤ ᠠᠴᠠ ᠠᠩᠭᠢᠵᠢᠷᠠᠭᠰᠠᠨ ᠡᠷᠦᠭᠡ ᠪᠠ ᠬᠢᠨᠠᠨ ᠰᠢᠯᠭᠠᠵᠤ ᠪᠠᠶᠢᠭ᠎ᠠ ᠡᠷᠦᠭᠡ ᠪᠦᠷᠢ ᠳᠤ 10 ᠳᠡᠭᠳᠡᠭᠡᠬᠡᠢ ᠶᠢ ᠦᠨ᠎ᠡ ᠲᠥᠯᠥᠪᠦᠷᠢ ᠦᠭᠡᠢ ᠪᠠᠷ

ᠬᠤᠪᠢᠶᠠᠨ ᠥᠭᠴᠦ᠂ ᠭᠤᠷᠪᠠᠨ ᠰᠠᠷ᠎ᠠ ᠶᠢᠨ ᠳᠠᠷᠠᠭ᠎ᠠ ᠬᠠᠮᠤᠭ ᠪᠠᠭ᠎ᠠ ᠳᠤ ᠪᠠᠨ 150 ᠲᠥᠭᠦᠷᠢᠭ ᠬᠤᠳᠠᠯᠳᠤᠨ᠂ ᠶᠠᠳᠠᠭᠤ ᠠᠴᠠ ᠠᠩᠭᠢᠵᠢᠷᠠᠭᠰᠠᠨ

ᠡᠷᠦᠭᠡ ᠪᠠ ᠬᠢᠨᠠᠨ ᠰᠢᠯᠭᠠᠵᠤ ᠪᠠᠶᠢᠭ᠎ᠠ ᠡᠷᠦᠭᠡ ᠶᠢᠨ ᠠᠮᠢᠳᠤᠷᠠᠯ ᠢ ᠨᠢ ᠰᠠᠶᠢᠵᠢᠷᠠᠭᠤᠯᠬᠤ ᠪᠠᠷ ᠪᠠᠷᠠᠬᠤ ᠦᠭᠡᠢ ᠬᠥᠳᠡᠭᠡ  ᠲᠤᠰᠬᠤᠨ ᠢ ᠬᠥᠭᠵᠢᠭᠦᠯᠦᠨ

ᠮᠠᠨᠳᠤᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ᠃

鸿雁6.jpg

      ᠰᠤᠳᠠᠯ ᠤᠨ ᠬᠤᠳᠳᠤᠭ ᠪᠠᠯᠭᠠᠰᠤ ᠶᠢᠨ ᠨᠠᠮ ᠤᠨ ᠬᠤᠷᠢᠶᠠᠨ ᠤ  ᠤᠬᠠᠭᠤᠯᠬᠤ ᠭᠡᠰᠢᠭᠦᠨ ᠯᠢᠦ ᠳ᠋ᠠᠨ᠄ ︽ᠶᠠᠳᠠᠭᠤ ᠠᠴᠠ ᠠᠩᠭᠢᠵᠢᠷᠠᠭᠤᠯᠬᠤ

ᠪᠤᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢᠨ ᠬᠠᠮᠲᠤ ᠮᠠᠨ ᠤ ᠶᠠᠳᠠᠭᠤ ᠠᠴᠠ  ᠠᠩᠭᠢᠵᠢᠷᠠᠭᠰᠠᠨ ᠡᠷᠦᠭᠡ ᠪᠠ ᠬᠢᠨᠠᠨ ᠰᠢᠯᠭᠠᠵᠤ ᠪᠠᠶᠢᠭ᠎ᠠ

ᠡᠷᠦᠭᠡ ᠶᠢ ᠬᠠᠪᠰᠤᠷᠴᠤ᠂ ᠲᠡᠳᠡᠨ ᠤ ᠪᠠᠶᠠᠵᠢᠨ  ᠴᠢᠨᠡᠭᠡᠯᠢᠭᠵᠢᠬᠦ  ᠢᠲᠡᠭᠡᠯ ᠢ ᠨᠢ ᠬᠥᠪᠴᠢᠯᠡᠬᠦ ᠶᠢᠨ ᠲᠥᠯᠥᠭᠡ᠂ ᠪᠢᠳᠡ ᠨᠢᠭᠡ ᠪᠦᠯᠦᠭ ᠤᠯᠠᠭᠠᠨ

ᠲᠥᠷᠦᠭᠦᠲᠦ ᠭᠠᠯᠠᠭᠤ ᠶᠢᠨ ᠳᠡᠭᠳᠡᠭᠡᠬᠡᠢ ᠬᠤᠳᠠᠯᠳᠤᠨ ᠠᠪᠴᠤ ᠲᠡᠳᠡᠨ ᠳᠤ ᠦᠨ᠎ᠡ ᠲᠦᠯᠥᠪᠦᠷᠢ ᠦᠭᠡᠢ ᠪᠠᠷ ᠬᠤᠪᠢᠶᠠᠨ ᠥᠭᠪᠡ᠃ ᠪᠢᠳᠡ ᠳᠠᠷᠠᠭ᠎ᠠ ᠪᠠᠷ

ᠲᠡᠳᠡᠨ ᠤ ᠠᠵᠤ ᠦᠢᠯᠡᠰ ᠬᠥᠭᠵᠢᠭᠦᠯᠵᠦ ᠪᠠᠶᠢᠭ᠎ᠠ  ᠪᠠᠶᠢᠳᠠᠯ ᠢ ᠨᠢ ᠦᠷᠭᠦᠯᠵᠢᠯᠡᠨ ᠬᠢᠨᠠᠨ ᠰᠢᠯᠭᠠᠵᠤ᠂ ᠲᠤᠬᠠᠢ ᠶᠢᠨ ᠭᠠᠵᠠᠷ ᠤᠨ ᠤᠯᠠᠨ ᠲᠦᠮᠡᠨ ᠳᠤ

ᠲᠣᠬᠢᠷᠠᠭᠰᠠᠨ ᠪᠠᠶᠠᠵᠢᠬᠤ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠲᠡᠳᠡᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠪᠠᠷ ᠪᠤᠢ︾

ᠭᠡᠪᠡ᠃

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ