ᠬᠠᠯᠠᠭᠤᠨ ᠤ ᠴᠠᠭ ᠲᠤ ᠡᠳᠡᠭᠡᠷ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2023/8/9
    ᠵᠤᠨ ᠤ ᠤᠯᠠᠷᠢᠯ ᠪᠤᠯ ᠵᠢᠷᠦᠬᠡ ᠲᠠᠷᠢᠬᠢᠨ ᠤ ᠴᠢᠰᠤᠨ ᠰᠤᠳᠠᠯ ᠤᠨ ᠦᠨᠳᠦᠷ ᠡᠪᠡᠳᠴᠢᠯᠡᠯ ᠲᠠᠢ ᠴᠠᠭ ᠪᠣᠯᠣᠨ᠎ᠠ᠂ ᠪᠦᠷᠢᠳᠭᠡᠯ ᠠᠴᠠ ᠦᠵᠡᠪᠡᠯ᠂ ᠠᠭᠠᠷ ᠤᠨ ᠳᠤᠯᠠᠭᠠᠨ 1℃ ᠳᠡᠭᠡᠭᠰᠢᠯᠡᠬᠦ ᠲᠤᠰᠤᠮ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠢᠶᠠᠷ ᠡᠮᠨᠡᠭᠦᠯᠬᠦ ᠬᠦᠮᠦᠨ ᠤ ᠲᠤᠭ᠎ᠠ 17.3% ᠪᠠᠷ ᠨᠡᠮᠡᠭᠳᠡᠳᠡᠭ᠃ ᠡᠶᠢᠮᠦ ᠠᠴᠠ ᠬᠠᠯᠠᠭᠤᠨ ᠤ ᠴᠠᠭ ᠲᠤ ᠡᠳᠡᠭᠡᠷ ᠠᠴᠠ ᠲᠠᠲᠠᠭᠠᠯᠵᠠᠭᠠᠷᠠᠢ ᠭᠡᠵᠦ ᠲᠠ ᠪᠦᠬᠦᠨ ᠳᠤ ᠰᠠᠨᠠᠭᠤᠯᠤᠶ᠎ᠠ︕   1. ᠠᠭᠠᠷ ᠲᠣᠬᠢᠷᠠᠭᠤᠯᠤᠭᠴᠢ ᠶᠢ ᠪᠦᠲᠦᠨ ᠰᠦᠨᠢ ᠪᠠᠷ ᠨᠡᠭᠡᠭᠡᠬᠦ᠃ ᠠᠭᠠᠷ ᠲᠣᠬᠢᠷᠠᠭᠤᠯᠤᠭᠴᠢ ᠶᠢᠨ ᠳᠤᠯᠠᠭᠠᠨ ᠢ ᠬᠡᠲᠦᠷᠬᠡᠢ ᠳᠤᠤᠷ᠎ᠠ ᠪᠠᠶᠢᠯᠭᠠᠬᠤ ᠪᠤᠶᠤ ᠤᠳᠠᠭᠠᠨ ᠬᠤᠭᠤᠴᠠᠭ᠎ᠠ ᠪᠠᠷ ᠨᠡᠭᠡᠭᠡᠵᠦ ᠪᠤᠯᠬᠤ ᠦᠭᠡᠢ᠂ ᠭᠡᠷ ᠤᠨ ᠳᠤᠲᠤᠨ᠎ᠠ ᠭᠠᠳᠠᠨᠠᠬᠢ ᠳᠤᠯᠠᠭᠠᠨ ᠤ ᠵᠦᠷᠢᠶ᠎ᠡ ᠶᠢ 5℃ ᠠᠴᠠ ᠪᠢᠲᠡᠬᠡᠢ ᠬᠡᠲᠦᠷᠡᠭᠦᠯᠦ᠋ᠭᠡᠷᠡᠢ᠃    2. ᠤᠮᠳᠠᠭᠠᠰᠬᠤ ᠪᠠᠷ ᠶᠡᠭᠡ ᠬᠡᠮᠵᠢᠶᠡᠨ ᠤ ᠤᠰᠤ ᠤᠤᠭᠤᠬᠤ᠃ ᠵᠤᠨ ᠤ ᠴᠠᠭ ᠲᠤ ᠤᠰᠤ ᠶᠢ ᠬᠡᠲᠦᠷᠬᠡᠢ ᠬᠤᠷᠳᠤᠨ ᠤᠤᠭᠤᠵᠤ ᠪᠤᠯᠬᠤ ᠦᠭᠡᠢ᠂ ᠪᠠᠭ᠎ᠠ ᠬᠡᠮᠵᠢᠶ᠎ᠡ ᠪᠠᠷ ᠤᠯᠠᠨ ᠤᠳᠠᠭ᠎ᠠ ᠤᠤᠭᠤᠵᠤ᠂ ᠤᠳᠠᠭ᠎ᠠ ᠪᠦᠷᠢ 100 — 150ml ᠤᠤᠭᠤᠪᠠᠯ ᠲᠤᠬᠢᠷᠠᠮᠵᠢᠲᠠᠢ᠃   3. ᠬᠦᠳᠡᠯᠭᠡᠭᠡᠨ ᠬᠢᠭᠰᠡᠨ ᠤ ᠳᠠᠷᠠᠭ᠎ᠠ ᠭᠦᠢᠲᠡᠨ ᠤᠮᠳᠠᠭᠠᠨ ᠤᠤᠭᠤᠬᠤ᠃ ᠰᠢᠷᠦᠬᠦᠨ ᠬᠦᠳᠡᠯᠭᠡᠭᠡᠨ ᠬᠢᠭᠰᠡᠨ ᠤ ᠳᠠᠷᠠᠭ᠎ᠠ᠂ ᠬᠦᠢᠲᠡᠨ ᠤᠮᠳᠠᠭᠠᠨ ᠶᠡᠭᠡ ᠤᠤᠭᠤᠪᠠᠯ ᠴᠢᠰᠤᠨ ᠰᠤᠳᠠᠯ ᠤᠨ ᠠᠭᠰᠢᠯᠲᠠ᠂ ᠵᠢᠷᠤᠬᠡ ᠲᠠᠷᠢᠬᠢ ᠪᠤᠯᠤᠨ ᠪᠤᠰᠤᠳ ᠡᠷᠬᠡᠲᠡᠨ ᠤ ᠬᠦᠴᠢᠯᠳᠦ᠋ᠷᠦᠭᠴᠢ ᠶᠢᠨ ᠬᠡᠷᠡᠭᠯᠡᠭᠡ ᠨᠡᠮᠡᠭᠳᠡᠵᠦ᠂ ᠴᠢᠰᠤᠨ ᠳᠠᠷᠤᠯᠲᠠ ᠬᠡᠯᠪᠡᠯᠵᠡᠳᠡᠭ ᠲᠤᠯᠠ ᠵᠢᠷᠦᠭᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠭᠡᠬᠦ ᠡᠷᠡᠰᠳᠡᠯ ᠲᠠᠢ᠃    4. ᠬᠦᠯᠦᠷᠡᠭᠰᠡᠨ ᠤ ᠳᠠᠷᠠᠭ᠎ᠠ ᠬᠦᠢᠲᠡᠨ ᠤᠰᠤ ᠪᠠᠷ ᠪᠡᠶ᠎ᠡ ᠪᠠᠨ ᠤᠬᠢᠶᠠᠬᠤ᠃ ᠹᠦ᠋ ᠶᠢᠨ ᠬᠠᠯᠠᠭᠤᠨ ᠳᠤ ᠬᠦᠢᠲᠡᠨ ᠤᠰᠤ ᠪᠠᠷ ᠪᠡᠶ᠎ᠡ ᠪᠠᠨ ᠤᠬᠢᠶᠠᠬᠤ ᠨᠢ ᠬᠥᠮᠥᠨ ᠤ ᠪᠡᠶ᠎ᠡ ᠳᠤ ᠬᠡᠨᠡᠳᠲᠡ ᠶᠢᠨ ᠰᠡᠲᠦᠯᠲᠡ ᠦᠭᠴᠦ᠂ ᠴᠢᠰᠤᠨ ᠳᠠᠷᠤᠯᠲᠠ ᠶᠢ  ᠨᠡᠮᠡᠭᠳᠡᠭᠦᠯᠦᠨ᠂ ᠰᠤᠴᠢᠮᠠᠭ ᠵᠢᠷᠦᠬᠡᠨ ᠪᠤᠯᠴᠢᠩ ᠤᠨ ᠲᠦᠭᠵᠢᠷᠡᠯ ᠡᠭᠦᠰᠭᠡᠵᠦ᠂ ᠠᠮᠢ ᠨᠠᠰᠤᠨ ᠤ ᠡᠷᠡᠰᠳᠡᠯ ᠳᠤ ᠬᠦᠷᠭᠡᠳᠡᠭ᠃   5. ᠬᠠᠯᠠᠭᠤᠨ ᠨᠠᠷᠠᠨ ᠳᠤ ᠳᠠᠯᠤ ᠮᠥᠷᠥ ᠪᠠᠨ ᠨᠢᠴᠦᠭᠦᠯᠡᠨ ᠶᠠᠪᠤᠬᠤ᠃ ᠵᠤᠨ ᠤ ᠬᠠᠯᠠᠭᠤᠨ ᠳᠤ ᠪᠡᠶ᠎ᠡ  ᠬᠦᠯᠦᠷᠡᠵᠦ᠂ ᠰᠢᠷ᠎ᠠ ᠦᠰᠦᠨ ᠤ ᠰᠦᠪᠡ ᠨᠡᠭᠡᠭᠡᠭᠳᠡᠭᠰᠡᠨ ᠤ ᠳᠠᠷᠠᠭ᠎ᠠ ᠭᠥᠷᠢᠨ ᠤ ᠭᠠᠳᠠᠨᠠᠬᠢ ᠲᠤᠶᠠᠭᠠᠨ ᠳᠤ ᠤᠷᠲᠤ ᠬᠤᠭᠤᠴᠠᠭ᠎ᠠ ᠰᠢᠷᠠᠪᠠᠯ᠂ ᠤᠰᠤᠨ ᠬᠠᠪᠤᠩ᠂ ᠲᠡᠷᠡᠴᠢᠯᠡᠨ ᠪᠦᠭᠡᠷᠡᠨ ᠤ ᠡᠪᠡᠳᠴᠢᠨ ᠡᠭᠦᠰᠭᠡᠳᠡᠭ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ