ᠰᠠᠭᠠᠳᠠᠭ ᠰᠤᠮᠤ᠄ ︽ᠨᠠᠮ ᠤᠨ ᠪᠠᠶᠢᠭᠤᠯᠤᠯᠲᠠ + ᠨᠡᠶᠢᠭᠡᠮ ᠤᠨ ᠠᠪᠤᠷᠠᠨ ᠲᠣᠰᠠᠯᠠᠬᠤ︾ ᠶᠢᠨ ᠰᠢᠨ᠎ᠡ ᠬᠡᠪ ᠵᠠᠭᠪᠤᠷ  ᠢᠶᠠᠷ ᠠᠷᠠᠳ ᠤᠨ ᠬᠦᠴᠢᠷᠳᠡᠯ ᠢ ᠰᠢᠢᠳᠪᠦᠷᠢᠯᠡᠵᠦ  ᠪᠠᠶᠢᠨ᠎ᠠ
ᠨᠡᠶᠢᠲᠡᠯᠡᠭᠰᠡᠨ ᠴᠠᠭ᠄
2023/9/11
   ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠱᠤᠭᠤᠮ ᠢ ᠪᠠᠲᠣᠯᠠᠨ᠂ ᠪᠠᠴᠢᠮ ᠬᠦᠴᠢᠷᠳᠡᠯ ᠠᠴᠠ ᠠᠪᠤᠷᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠠᠷᠢᠶ᠎ᠠ ᠣᠷᠣᠨ ᠤ ᠬᠦᠴᠢᠷᠳᠡᠯᠲᠡᠶ ᠣᠯᠠᠨ ᠲᠦᠮᠡᠨ ᠤ ᠭᠡᠨᠡᠳᠲᠡ ᠶᠢᠨ ᠴᠢᠨᠠᠷᠲᠠᠶ᠂ ᠲᠤᠯᠭᠠᠮ᠎ᠠ ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ᠂ ᠰᠠᠭᠠᠳᠠᠭ ᠰᠤᠮᠤ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠣᠨ᠂ ᠬᠦᠴᠢᠷᠳᠡᠯᠲᠡᠶ ᠣᠯᠠᠨ ᠲᠦᠮᠡᠨ ᠢ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢ ᠪᠠᠲᠤᠯᠠᠵᠤ᠂ ᠢᠯᠠᠩᠭᠤᠶ᠎ᠠ ︽ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ︾ ᠲᠠᠯ᠎ᠠ ᠪᠠᠷ ᠬᠦᠴᠦ ᠲᠠᠯᠪᠢᠵᠤ ᠪᠠᠶᠢᠨ᠎ᠠ᠃    ᠲᠣᠰ ᠰᠤᠮᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠳᠤᠲᠠᠭᠤᠳᠠᠯ ᠢ ᠴᠢᠩᠭ᠎ᠠ ᠠᠩᠬᠠᠷᠴᠤ᠂ ︽ᠨᠠᠮ ᠤᠨ ᠪᠠᠶᠢᠭᠤᠯᠤᠯᠲᠠ + ᠨᠡᠶᠢᠭᠡᠮ ᠤᠨ ᠠᠪᠤᠷᠠᠨ ᠲᠤᠰᠠᠯᠠᠬᠤ︾ ᠥᠭᠡᠷᠡᠴᠢᠯᠡᠯᠲᠡ ᠶᠢᠨ ᠦᠢᠯᠡᠳᠦᠯᠬᠡ ᠶᠢᠨ ᠰᠢᠨ᠎ᠡ ᠶᠢ ᠡᠭᠦᠳᠦᠨ ᠥᠷᠨᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠴᠢᠨᠠᠷ ᠰᠠᠶᠢᠲᠠᠶ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠂ ᠨᠠᠮ ᠤᠨ ᠪᠠᠶᠢᠭᠤᠯᠤᠯᠲᠠ ᠪᠠᠷ ᠨᠡᠶᠢᠭᠡᠮ ᠤᠨ ᠠᠪᠤᠷᠠᠨ ᠲᠤᠰᠠᠯᠠᠬᠤ ᠶᠢ ᠬᠥᠲᠥᠯᠥᠨ ᠳᠠᠭᠠᠭᠤᠯᠬᠤ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠬᠦ ᠶᠢᠨ ᠬᠠᠮᠲᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠪᠠᠬᠢᠵᠢᠭᠦᠯᠦᠨ ᠥᠷᠭᠡᠳᠬᠡᠬᠦ ᠪᠠᠷ ᠭᠠᠷᠳᠠᠴᠠ ᠪᠠᠨ ᠪᠣᠯᠭᠠᠵᠤ᠂ ᠶᠡᠭᠡ ᠰᠤᠷᠪᠤᠯᠵᠢᠯᠠᠭ᠎ᠠ ᠶᠡᠭᠡ ᠪᠠᠶᠢᠴᠠᠭᠠᠨ ᠰᠤᠳᠤᠯᠤᠯᠲᠠ ᠶᠢᠨ ᠳᠤᠮᠳᠠ ᠡᠯ᠎ᠡ ᠬᠡᠷ ᠪᠦᠯᠢ ᠶᠢᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ᠂ ᠣᠨᠣᠪᠴᠢᠲᠠᠶ ᠪᠠᠷ ᠠᠪᠤᠷᠠᠨ ᠲᠤᠰᠠᠯᠠᠬᠤ᠂ ᠬᠠᠶᠢᠷ᠎ᠠ ᠬᠠᠯᠠᠮᠵᠢ ᠪᠠᠷ ᠠᠪᠤᠷᠠᠨ ᠲᠤᠰᠠᠯᠠᠬᠤ ᠠᠵᠢᠯ ᠤᠨ ᠬᠠᠷᠠᠯᠲᠠ ᠶᠢ ᠪᠡᠶᠡᠯᠡᠭᠦᠯᠬᠦ ᠶᠢ  ᠪᠠᠲᠤᠯᠠᠪᠠ᠃    ᠬᠤᠶᠢᠰᠢᠳᠠ ᠶᠢᠨ ᠠᠵᠢᠯ ᠳᠤ᠂ ᠰᠠᠭᠠᠳᠠᠭ ᠰᠤᠮᠤ ᠦᠷᠬᠦᠯᠵᠢᠯᠡᠨ ᠲᠦᠷ ᠴᠠᠭ ᠤᠨ ᠠᠪᠤᠷᠠᠨ ᠲᠤᠰᠠᠯᠠᠬᠤ ᠪᠠᠴᠢᠮ ᠬᠦᠴᠢᠷᠳᠡᠯ ᠠᠴᠠ ᠠᠪᠤᠷᠬᠠᠤ ᠠᠷᠭ᠎ᠠ ᠪᠠᠷᠢᠯ ᠢᠶᠠᠨ ᠦᠷᠭᠡᠳᠭᠡᠵᠦ᠂ ᠸᠢᠴᠠᠲ ᠤᠨ ᠴᠤᠭᠯᠠᠷᠠᠯ᠂ ᠤᠬᠠᠭᠤᠯᠭ᠎ᠠ ᠶᠢᠨ ᠳᠡᠪᠲᠡᠷ ᠳᠠᠷᠤᠮᠠᠯᠯᠠᠨ ᠲᠠᠷᠬᠠᠭᠠᠬᠤ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠬᠡᠯᠪᠡᠷᠢ ᠶᠢ ᠠᠰᠢᠭᠯᠠᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯᠲᠡᠶ ᠣᠯᠠᠨ ᠲᠦᠮᠡᠨ ᠲᠤᠰᠠᠯᠠᠮᠵᠢ ᠬᠦᠰᠡᠬᠦ ᠭᠠᠵᠠᠷ ᠲᠠᠢ᠂ ᠴᠠᠭ ᠲᠤᠬᠠᠶ ᠳᠤᠨᠢ ᠲᠤᠰᠠᠯᠠᠮᠵᠢ ᠭᠥᠷᠳᠡᠬᠦ ᠶᠢ ᠦᠨᠡᠨ ᠬᠦ ᠪᠠᠲᠤᠯᠠᠵᠤ᠂ ︽ᠠᠪᠤᠷᠠᠨ ᠲᠤᠰᠠᠯᠠᠬᠤ ᠶᠣᠰᠣᠲᠠᠶ ᠪᠦᠬᠦᠨ ᠢ  ᠨᠢ ᠠᠪᠤᠷᠠᠨ ᠲᠤᠰᠠᠯᠠᠬᠤ︾ ᠶᠢ  ᠪᠡᠶᠡᠯᠡᠬᠦᠯᠬᠦ ᠪᠠᠷ ᠪᠣᠢ᠃ ᠡᠭᠦᠨ ᠠᠴᠠ ᠭᠠᠳᠠᠨ᠎ᠠ᠂  ᠲᠣᠰ ᠰᠤᠮᠤ ᠪᠠᠰᠠ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠪᠣᠯᠤᠨ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠰᠣᠮᠣᠨ ᠤ ᠨᠠᠮ ᠤᠨ ᠬᠤᠷᠢᠶ᠎ᠠ ᠶᠢᠨ ︽ᠨᠠᠮ ᠤᠨ ᠪᠠᠶᠢᠭᠤᠯᠤᠯᠲᠠ +︾ ᠠᠵᠢᠯ ᠤᠨ ᠲᠣᠭᠲᠠᠴᠠ ᠶᠢ ᠨᠠᠶᠢᠳᠠᠪᠣᠷᠢᠵᠢᠭᠤᠯᠤᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ︔ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠷᠠᠭᠤᠯᠵᠤ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠦᠨᠡᠨᠬᠦ ᠪᠠᠲᠣᠯᠠᠵᠠᠢ︔ ᠡᠨᠡ ᠵᠢᠯ᠂ ᠪᠥᠬᠦ ᠰᠤᠮᠤ ᠶᠢᠨ 419 ᠡᠷᠦᠬᠡ ᠶᠢᠨ 1163 ᠬᠥᠮᠦᠨ ᠤᠳᠠᠭ᠎ᠠ ᠳᠤ ᠰᠣᠷᠪᠣᠯᠵᠢᠯᠠᠨ ᠪᠠᠶᠢᠴᠠᠭᠠᠵᠤ᠂ ᠬᠥᠳᠡᠯᠦᠩᠭᠦᠶ ᠪᠠᠷ ᠠᠪᠤᠷᠠᠨ ᠲᠤᠰᠠᠯᠠᠯᠲᠠ ᠶᠢᠨ ᠲᠤᠰᠬᠠᠭᠰᠠᠨ ᠠᠰᠠᠭᠤᠳᠠᠯ ᠢ 180 ᠴᠣᠭᠯᠠᠭᠤᠯᠪᠠ᠃ ᠣᠨᠴᠠᠭᠠᠶᠢᠯᠠᠨ ᠡᠨᠡ ᠵᠢᠯ ᠤᠨ ᠬᠤᠪᠣᠷ ᠲᠣᠬᠢᠶᠠᠯᠳᠤᠬᠤ ᠭᠠᠩ ᠤᠨ ᠪᠠᠶᠢᠳᠠᠯ ᠠᠴᠠ  180 ᠭᠠᠷᠤᠶ ᠬᠥᠮᠦᠨ ᠢ ᠲᠦᠷ ᠴᠠᠭ ᠠᠪᠤᠷᠠᠨ ᠲᠤᠰᠠᠯᠠᠵᠤ᠂ 46 . 55 ᠲᠦᠮᠡᠨ ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠨ᠂ ᠬᠦᠴᠢᠷᠳᠡᠯᠲᠡᠶ ᠣᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠲᠡᠷᠡ ᠳᠠᠷᠤᠶ ᠳᠤᠨᠢ ᠬᠦᠷᠲᠡᠭᠡᠵᠦ᠂ ᠨᠠᠩ ᠣᠯᠠᠨ ᠬᠦᠴᠢᠷᠳᠡᠯᠲᠡᠶ ᠬᠡᠷ ᠪᠦᠯᠢ ᠶᠢ ᠬᠠᠪᠰᠤᠷᠤᠨ ᠬᠦᠴᠢᠷᠳᠡᠯ ᠠᠴᠠ  ᠠᠩᠭᠢᠵᠢᠷᠠᠭᠤᠯᠬᠤ  ᠶᠢ ᠵᠣᠷᠢᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ