ᠣᠷᠠᠳ ᠤᠨ ᠡᠮᠦᠨᠡᠲᠤ ᠬᠤᠰᠢᠭᠤᠨ ᠤ ᠮᠣᠨᠠ ᠠᠭᠤᠯᠠ ᠪᠠᠯᠭᠠᠰᠣ ᠲᠠᠷᠢᠶᠠᠯᠠᠩ ᠤᠨ ᠤᠰᠤ ᠶᠢ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ | ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠪᠠᠯᠭᠠᠰᠤᠨ ᠤ ᠤᠰᠤ ᠠᠷᠪᠢᠯᠠᠵᠤ ᠦᠷ᠎ᠡ ᠠᠰᠢᠭ ᠢᠶᠠᠨ | ᠨᠡᠮᠡᠭᠳᠡᠭᠦᠯᠬᠦ ᠠᠵᠢᠯ ᠢ ᠳᠥᠯᠭᠢᠨ ᠠᠬᠢᠭᠤᠯᠵᠤ᠂ ᠪᠥᠬᠦ ᠨᠡᠶᠢᠭᠡᠮ ᠳᠤ ᠤᠰᠤ ᠶᠢ ᠠᠷᠪᠢᠯᠠᠨ ᠬᠡᠷᠡᠭᠯᠡᠬᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ | ᠴᠢᠬᠤᠯᠠ ᠴᠢᠨᠠᠷ ᠢ ᠥᠷᠭᠡᠨ ᠢᠶᠠᠷ ᠣᠬᠠᠭᠤᠯᠪᠠ᠃ | ᠤᠰᠤ ᠠᠷᠪᠢᠯᠠᠬᠤ ᠤᠰᠤᠯᠠᠯᠲᠠ ᠶᠢ ᠬᠥᠭᠵᠢᠭᠦᠯᠬᠦ ᠪᠣᠯ ᠲᠠᠷᠢᠶᠠᠯᠠᠩ ᠤᠨ ᠬᠡᠷᠡᠭᠯᠡᠬᠦ ᠤᠰᠤᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ | ᠨᠠᠮᠳᠠᠭᠤᠯᠬᠤ᠂ ᠥᠪᠡᠷ ᠤᠨ ᠥᠷᠲᠡᠭ ᠢ ᠪᠠᠭᠤᠷᠠᠭᠤᠯᠬᠤ᠂ ᠣᠷᠣᠯᠭ᠎ᠠ ᠶᠢ ᠨᠡᠮᠡᠭᠳᠡᠭᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ | ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠰᠠᠶᠢᠨ ᠠᠷᠭ᠎ᠠ ᠪᠣᠯᠬᠤ ᠪᠥᠭᠡᠳ ᠤᠯᠠᠮᠵᠢᠯᠠᠯᠲᠤ ᠲᠠᠷᠢᠶᠠᠯᠠᠩ ᠢ ᠣᠳᠣ | ᠦᠶ᠎ᠡ ᠶᠢᠨ ᠲᠠᠷᠢᠶᠠᠯᠠᠩ ᠲᠡᠰᠢ ᠬᠤᠪᠢᠷᠠᠭᠤᠯᠬᠤ ᠶᠢ ᠠᠬᠢᠭᠤᠯᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠪᠠ ᠠᠯᠤᠰ ᠬᠡᠳᠦ ᠶᠢᠨ ᠲᠡᠦᠬᠡᠲᠦ ᠠᠴᠢ | ᠬᠤᠯᠪᠣᠭᠳᠠᠯ ᠲᠠᠢ ᠶᠤᠮ᠃ ᠮᠤᠨᠠ ᠠᠭᠤᠯᠠ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠤᠰᠤ ᠠᠷᠪᠢᠯᠠᠬᠤ ᠤᠬᠠᠭᠤᠯᠭ᠎ᠠ ᠶᠢᠨ ᠠᠵᠢᠯ | ᠦᠷᠨᠢᠬᠦᠯᠦᠨ᠂ ᠲᠥᠪᠯᠡᠷᠡᠭᠦᠯᠦᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠤᠬᠠᠭᠤᠯᠤᠨ ᠲᠠᠶᠢᠯᠪᠤᠷᠢᠯᠠᠯᠲᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠲᠠᠷᠢᠶᠠᠴᠢᠳ ᠲᠤ ᠲᠥᠷᠥ ᠶᠢᠨ ᠪᠣᠳᠣᠯᠭ᠎ᠠ ᠶᠢ ᠣᠶᠢᠯᠠᠭᠠᠭᠤᠯᠬᠤ ᠶᠢᠨ ᠬᠠᠮᠲᠤ᠂ ᠨᠤᠲᠤᠭ ᠤᠨ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ | ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢᠨ ᠴᠢᠬᠤᠯᠠ ᠴᠢᠨᠠᠷ ᠢ ᠣᠯᠠᠨ ᠲᠦᠮᠡᠨ ᠤ ᠰᠡᠳᠬᠢᠯ ᠳᠤ ᠨᠡᠪᠴᠢᠭᠦᠯᠪᠡ᠃ ᠪᠠᠰᠠ ᠲᠣᠰ | ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠯᠧᠺᠲ᠋ᠣᠷ ᠤᠨ ᠪᠦᠯᠬᠦᠮ ᠤᠨ ᠬᠠᠷᠢᠭᠤᠴᠠᠯᠭᠠᠲᠠᠨ ᠵᠠᠩ ᠴᠢᠩ ᡁᠢ ᠪᠠᠭᠰᠢ᠂ ᠥᠪᠥᠷ | ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠤᠷᠠᠳ ᠤᠨ ᠬᠤᠪᠢᠶᠠᠷᠢ | ᠲᠥᠪ ᠤᠨ ᠤᠰᠤ ᠵᠠᠯᠠᠬᠤ ᠰᠠᠯᠠᠭᠠᠨ ᠤ ᠳᠠᠷᠤᠭ᠎ᠠ ᠳ᠋ᠠᠩ ᠡᠯ ᠫᠢᠩ ᠢ ᠤᠷᠢᠵᠤ ᠮᠤᠨᠠ ᠠᠭᠤᠯᠠ ᠪᠠᠯᠭᠠᠰᠤᠨ ᠤ ᠡᠯ᠎ᠡ ᠲᠣᠰᠬᠤᠨ ᠳᠤ ᠬᠦᠷᠴᠦ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠤᠨᠠ ᠠᠭᠤᠯᠠ ᠪᠠᠯᠭᠠᠰᠤ ᠤᠰᠤ ᠠᠷᠪᠢᠯᠠᠬᠤ ᠤᠰᠤ ᠬᠢᠵᠠᠭᠠᠷᠯᠠᠬᠤ ᠤᠬᠠᠭᠤᠯᠭ᠎ᠠ ᠶᠢᠨ ᠵᠢᠯᠣᠭᠤᠳᠣᠯᠭ᠎ᠠ ᠪᠠᠨ | ᠦᠷᠭᠦᠯᠵᠢᠯᠡᠨ ᠴᠢᠩᠭᠠᠳᠬᠠᠵᠤ᠂ ᠲᠣᠰᠬᠤᠨ ᠤ ᠠᠷᠠᠳ ᠤᠨ ᠲᠠᠷᠢᠶᠠᠯᠠᠩ ᠤᠨ ᠤᠰᠤ ᠠᠷᠪᠢᠯᠠᠬᠤ ᠤᠰᠤ ᠬᠢᠵᠠᠭᠠᠷᠯᠠᠬᠤ ᠪᠠ ᠤᠰᠤᠨ ᠤ ᠡᠬᠢ ᠪᠠᠶᠠᠯᠢᠭ ᠢ | ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠪᠥᠬᠦ ᠪᠠᠯᠭᠠᠰᠤᠨ ᠳᠤ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠬᠤ᠂ ᠲᠠᠷᠢᠶᠠᠯᠠᠩ ᠤᠨ ᠦᠷ᠎ᠡ | ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ | ᠴᠠᠭ ᠢᠮᠠᠭᠲᠠ ᠤᠰᠤ ᠠᠷᠪᠢᠯᠠᠬᠤ ᠰᠢᠨ᠎ᠡ ᠪᠠᠶᠢᠳᠠᠯ ᠢ ᠪᠣᠶ ᠪᠣᠯᠭᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ | ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠠᠬᠢᠭᠤᠯᠤᠨ᠎ᠠ᠃ | |