ᠣᠶᠢᠷ᠎ᠠ ᠬᠠᠷᠠᠭ᠎ᠠ ᠶᠢᠨ ᠲᠤᠬᠠᠢ ᠵᠠᠷᠢᠮ ᠭᠡᠷ ᠤᠨ ᠠᠬᠠᠮᠠᠳ ᠢᠳᠡᠭᠡᠨ ᠤᠮᠳᠠᠭᠠᠨ ᠨᠢ ᠨᠢᠳᠦᠨ ᠤ ᠬᠠᠷᠠᠭ᠎ᠠ ᠶᠢ ᠨᠥᠯᠦᠭᠡᠯᠡᠨ᠎ᠡ ᠤᠤ ᠭᠡᠵᠣ | ᠠᠰᠠᠭᠤᠳᠠᠭ᠃ ᠢᠳᠡᠭᠡᠨ ᠤᠮᠳᠠᠭᠠᠨ ᠨᠢ ᠨᠢᠳᠦᠨ ᠤ ᠬᠠᠷᠠᠭᠠᠨ ᠤ ᠡᠷᠡᠭᠦᠯ ᠮᠡᠨᠳᠦ ᠲᠠᠢ ᠦᠨᠡᠭᠡᠷ ᠬᠤᠯᠪᠣᠭ᠎ᠠ ᠲᠠᠢ ᠪᠠᠶᠢᠳᠠᠭ᠃ ᠲᠡᠭᠡᠪᠡᠯ ᠢᠳᠡᠭᠡᠨ | ᠤᠮᠳᠠᠭᠠᠨ ᠢ ᠲᠣᠬᠢᠷᠠᠮᠵᠢᠲᠠᠢ ᠲᠣᠬᠢᠷᠠᠭᠤᠯᠬᠤ ᠪᠠᠷ ᠳᠠᠮᠵᠢᠨ ᠬᠡᠦᠬᠡᠳ ᠤᠨ ᠨᠢᠳᠦᠨ ᠤ ᠬᠠᠷᠠᠭ᠎ᠠ ᠶᠢ ᠰᠠᠶᠢᠵᠢᠷᠠᠭᠤᠯᠬᠤ ᠠᠷᠭ᠎ᠠ ᠪᠠᠶᠢᠨ᠎ᠠ ᠤᠤ︖ ᠲᠠ | ᠪᠦᠬᠦᠨ ᠳᠤ ᠬᠡᠳᠦᠨ ᠵᠦᠢᠯ ᠢ ᠲᠠᠨᠢᠯᠴᠠᠭᠤᠯᠤᠶ᠎ᠡ᠃ | ᠭᠠᠷᠠᠭ ᠪᠣᠯᠭᠠᠨ 1 — 2 ᠤᠳᠠᠭ᠎ᠠ ᠠᠮᠢᠲᠠᠨ ᠤ ᠡᠯᠢᠭᠡ ᠢᠳᠡᠭᠦᠯᠵᠦ᠂ ᠬᠦᠨ ᠥᠩᠭᠡ ᠲᠠᠢ ᠨᠣᠭᠤᠭ᠎ᠠ ᠵᠢᠮᠢᠰ ᠢᠯᠡᠭᠦᠦ ᠢᠳᠡᠭᠦᠯᠬᠦ ᠬᠡᠷᠡᠭᠲᠡᠢ᠃ | | ᠺᠠᠯᠽ᠂ ᠰᠧᠯᠧᠨ᠂ ᠴᠠᠶᠢᠷ᠂ ᠵᠡᠰ᠂ ᠨᠠᠪᠴᠢᠨ ᠤ ᠰᠢᠷ᠎ᠠ ᠡᠳ᠋᠂ ᠸᠢᠲ᠋ᠠᠮᠢᠨ A᠂ ᠸᠢᠲ᠋ᠠᠮᠢᠨ B1 ᠵᠡᠷᠭᠡ ᠰᠢᠮ᠎ᠡ ᠲᠡᠵᠢᠭᠡᠯ ᠤᠨ ᠡᠳ᠋ ᠨᠢ ᠨᠢᠳᠦᠨ ᠤ | ᠬᠠᠷᠠᠭ᠎ᠠ ᠶᠢ ᠬᠠᠮᠠᠭᠠᠯᠠᠬᠤ ᠦᠢᠯᠡᠳᠦᠯ ᠲᠠᠢ ᠪᠠᠶᠢᠵᠤ᠂ ᠨᠢᠳᠦᠨ ᠤ ᠬᠠᠷᠠᠭ᠎ᠠ ᠶᠢ ᠰᠠᠶᠢᠵᠢᠷᠠᠭᠤᠯᠬᠤ ᠳᠤ ᠠᠰᠢᠭᠲᠠᠢ ᠪᠠᠶᠢᠳᠠᠭ᠃ ᠬᠡᠦᠬᠡᠳ ᠳᠡᠭᠡᠨ᠂ ᠡᠳᠡᠭᠡᠷ | ᠰᠢᠮ᠎ᠡ ᠲᠡᠵᠢᠭᠡᠯ ᠡᠯᠪᠡᠭ ᠠᠭᠤᠯᠳᠠᠭ ᠨᠣᠭᠤᠭ᠎ᠠ᠂ ᠭᠦᠨ ᠥᠩᠭᠡ ᠶᠢᠨ ᠨᠣᠭᠤᠭ᠎ᠠ ᠵᠢᠮᠢᠰ᠂ ᠪᠦᠳᠦᠭᠦᠯᠢᠭ ᠠᠮᠣ᠂ ᠴᠠᠭᠠᠨ ᠢᠳᠡᠭᠡ ᠵᠡᠷᠭᠡ ᠶᠢ ᠢᠯᠡᠭᠦᠦ | ᠢᠳᠡᠭᠦᠯᠵᠣ᠂ ᠭᠠᠷᠠᠭ ᠪᠣᠯᠭᠠᠨ 1 — 2 ᠤᠳᠠᠭ᠎ᠠ ᠠᠮᠢᠲᠠᠨ ᠤ ᠡᠯᠢᠭᠡ ᠢᠳᠡᠭᠦᠯᠦᠨ᠎ᠡ᠃ | ᠰᠢᠬᠢᠷᠯᠢᠭ ᠢᠳᠡᠭᠡᠨ ᠪᠠᠭ᠎ᠠ ᠢᠳᠡᠭᠦᠯᠵᠦ᠂ ᠰᠢᠬᠢᠷ ᠠᠭᠤᠯᠣᠭᠰᠠᠨ ᠤᠮᠳᠠᠭᠠᠨ ᠪᠠᠭ᠎ᠠ ᠤᠤᠭᠤᠯᠭᠠᠬᠤ ᠬᠡᠷᠡᠭᠲᠡᠢ᠃ | ᠰᠢᠬᠢᠷᠯᠢᠭ ᠢᠳᠡᠭᠡᠨ ᠳᠠᠬᠢ ᠰᠢᠬᠢᠷ ᠨᠢ ᠬᠦᠮᠦᠨ ᠤ ᠪᠡᠶ᠎ᠡ ᠳᠤ ᠰᠣᠯᠢᠯᠴᠠᠭ᠎ᠠ ᠬᠢᠬᠦ ᠦᠶ᠎ᠡ ᠳᠤ ᠶᠡᠭᠡ ᠬᠡᠮᠵᠢᠶᠡᠨ ᠤ ᠸᠢᠳ᠋ᠮᠢᠨ B1 ᠶᠢ ᠬᠡᠷᠡᠭᠯᠡᠳᠡᠭ᠃ | ᠬᠡᠷᠪᠡ ᠰᠢᠬᠢᠷᠯᠢᠭ ᠢᠳᠡᠭᠡᠨ ᠢ ᠶᠡᠭᠡ ᠬᠡᠮᠵᠢᠶ᠎ᠡ ᠪᠠᠷ ᠢᠳᠡᠪᠡᠯ ᠨᠢᠳᠦ ᠬᠢᠯᠪᠠᠷᠬᠠᠨ ᠶᠠᠳᠠᠷᠠᠵᠣ᠂ ᠬᠠᠷᠠᠭᠠᠨ ᠮᠡᠳᠡᠷᠡᠯ ︽ᠰᠢᠮ᠎ᠡ ᠲᠡᠵᠢᠭᠡᠯ ᠳᠤᠲᠠᠭᠳᠠᠬᠤ︾ | ᠠᠴᠠ ᠪᠣᠯᠵᠣ ᠬᠠᠷᠠᠭ᠎ᠠ ᠮᠠᠭᠤᠳᠠᠬᠤ ᠪᠣᠯᠣᠨ᠎ᠠ᠃ ᠰᠢᠬᠢᠷᠯᠢᠭ ᠢᠳᠡᠭᠡᠨ ᠨᠢ ᠺᠠᠯᠽ ᠶᠢ ᠬᠤᠷᠣᠭᠳᠠᠭᠤᠯᠤᠨ᠎ᠠ᠃ ᠺᠠᠯᠽ ᠳᠤᠲᠠᠪᠠᠯ ᠨᠢᠳᠦᠨ ᠤ ᠪᠣᠯᠴᠢᠩ | ᠰᠤᠯᠠᠷᠠᠵᠣ᠂ ᠡᠭᠦᠨ ᠤ ᠤᠯᠠᠮ ᠢᠶᠠᠷ ᠣᠶᠢᠷ᠎ᠠ ᠬᠠᠷᠠᠭ᠎ᠠ ᠲᠠᠢ ᠪᠣᠯᠳᠠᠭ᠃ ᠰᠢᠬᠢᠷᠯᠢᠭ ᠢᠳᠡᠭᠡᠨ ᠨᠢ ᠪᠠᠰᠠ ᠨᠢᠳᠦᠨ ᠤ ᠲᠠᠯᠠᠰᠯᠢᠭ ᠪᠡᠶ᠎ᠡ ᠶᠢ ᠨᠥᠯᠦᠭᠡᠯᠡᠨ᠎ᠡ᠃ | ᠰᠢᠬᠢᠷᠯᠢᠭ ᠢᠳᠡᠭᠡᠨ ᠠᠷᠪᠢᠨ ᠢᠳᠡᠪᠡᠯ ᠬᠥᠮᠥᠨ ᠤ ᠪᠡᠶ᠎ᠡ ᠳᠠᠬᠢ ᠴᠢᠰᠦᠨ ᠰᠢᠬᠢᠷ ᠤᠨ ᠬᠡᠮᠵᠢᠶ᠎ᠡ ᠥᠨᠳᠦᠷ ᠪᠣᠯᠵᠣ᠂ ᠴᠢᠰᠦᠨ ᠡᠭᠡᠳᠡᠩ ᠤᠨ | ᠨᠡᠪᠴᠢᠯᠲᠡ ᠶᠢᠨ ᠳᠠᠷᠣᠯᠲᠠ ᠳᠡᠭᠡᠭᠰᠢᠯᠡᠵᠣ᠂ ᠪᠡᠶ᠎ᠡ ᠶᠢᠨ ᠰᠢᠩᠭᠡᠨ ᠤ ᠨᠡᠪᠴᠢᠯᠲᠡ ᠶᠢᠨ ᠳᠠᠷᠣᠯᠲᠠ ᠳᠣᠭᠤᠭᠰᠢᠯᠠᠵᠣ᠂ ᠨᠢᠳᠦᠨ ᠤ ᠳᠠᠷᠣᠯᠲᠠ ᠶᠢ ᠶᠡᠬᠡᠰᠬᠡᠵᠣ | ᠂ ᠣᠶᠢᠷ᠎ᠠ ᠬᠠᠷᠠᠭ᠎ᠠ ᠶᠢ ᠡᠭᠦᠰᠭᠡᠵᠣ ᠮᠡᠳᠡᠨ᠎ᠡ᠃ | ᠡᠶᠢᠮᠦ ᠠᠴᠠ ᠬᠡᠦᠬᠡᠳ ᠲᠤ ᠰᠢᠬᠢᠷ ᠠᠭᠤᠯᠤᠭᠰᠠᠨ ᠤᠮᠳᠠᠭᠠᠨ ᠪᠠᠭ᠎ᠠ ᠤᠤᠭᠤᠯᠭᠠᠵᠤ᠂ ᠰᠢᠬᠢᠷᠯᠢᠭ ᠢᠳᠡᠭᠡ᠂ ᠰᠢᠬᠢᠷ ᠵᠢᠮᠢᠰ ᠵᠡᠷᠭᠡ ᠰᠢᠬᠢᠷ ᠤᠨ | ᠠᠭᠤᠯᠤᠭᠳᠠᠴᠠ ᠨᠡᠯᠢᠶᠡᠳ ᠥᠨᠳᠥᠷ ᠰᠢᠬᠢᠷᠯᠢᠭ ᠢᠳᠡᠭᠡᠨ ᠪᠠᠭ᠎ᠠ ᠢᠳᠡᠭᠦᠯᠬᠦ ᠬᠡᠷᠡᠭᠲᠡᠢ᠃ ᠬᠠᠲᠠᠭᠤ ᠰᠢᠭ᠋ ᠵᠦᠢᠯ ᠢᠳᠡᠭᠦᠯᠵᠣ ᠨᠢᠳᠦᠨ ᠤ ᠪᠣᠯᠴᠢᠩ ᠢ | ᠴᠢᠩᠭᠠᠷᠠᠭᠤᠯᠬᠤ ᠨᠢ ᠴᠢᠬᠤᠯᠠ᠃ ᠵᠠᠵᠢᠯᠬᠤ ᠨᠢ ᠬᠡᠦᠬᠡᠳ ᠤᠨ ᠨᠢᠭᠤᠷ ᠤᠨ ᠪᠤᠯᠴᠢᠩ ᠤᠨ ᠬᠥᠳᠡᠯᠭᠡᠭᠡᠨ ᠢ ᠠᠬᠢᠭᠤᠯᠵᠤ᠂ ᠢᠯᠠᠩᠭᠤᠶ᠎ᠠ ᠨᠢᠳᠦᠨ ᠤ | ᠪᠣᠯᠴᠢᠩ ᠤᠨ ᠬᠥᠳᠡᠯᠭᠡᠭᠡᠨ ᠢ ᠨᠡᠮᠡᠭᠳᠡᠭᠦᠯᠳᠡᠭ ᠶᠤᠮ᠃ | |