ᠤᠷᠠᠳ ᠤᠨ ᠡᠮᠦᠨᠡᠲᠦ ᠬᠤᠰᠢᠭᠤ ᠪᠥᠬᠦ ᠬᠤᠰᠢᠭᠤᠨ ᠤ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠵᠢᠭᠰᠠᠭᠠᠨ ᠪᠠᠶᠢᠴᠠᠭᠠᠬᠤ ᠪᠣᠯᠪᠠᠰᠤᠷᠠᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/19
     9 ᠰᠠᠷ᠎ᠠ ᠶᠢᠨ 14 ᠤ ᠡᠳᠦᠷ᠂ ᠤᠷᠠᠳ ᠤᠨ ᠡᠮᠦᠨᠡᠲᠦ ᠬᠤᠰᠢᠭᠤ ᠪᠥᠬᠦ ᠬᠤᠰᠢᠭᠤᠨ ᠤ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠵᠢᠭᠰᠠᠭᠠᠨ ᠪᠠᠶᠢᠴᠠᠭᠠᠬᠤ ᠪᠣᠯᠪᠠᠰᠤᠷᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠠᠩ ᠴᠢᠤᠸᠠᠨ ᠯᠢᠶᠠᠩ ᠬᠤᠷᠠᠯ ᠢ ᠡᠷᠭᠢᠯᠡᠵᠦ᠂ ᠡᠯ᠎ᠡ ᠰᠤᠮᠤ ᠪᠠᠯᠭᠠᠰᠤᠨ ᠤ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠠᠬᠢᠳᠠᠯ ᠰᠤᠷᠪᠤᠯᠵᠢᠯᠠᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠠᠵᠢᠯᠲᠠᠨ᠂ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠰᠤᠷᠪᠤᠯᠵᠢᠯᠠᠭ᠎ᠠ ᠶᠢ ᠭᠥᠯᠢᠶᠡᠨ ᠠᠪᠬᠤ ᠲᠠᠰᠤᠭ ᠤᠨ ᠳᠠᠷᠤᠭ᠎ᠠ ᠱᠢ ᠸᠧᠨ ᠵᠢᠶᠦ᠋ᠨ ᠬᠤᠲᠠ ᠶᠢᠨ ᠬᠠᠮᠲᠤᠷᠠᠭᠰᠠᠨ ᠠᠯᠪᠠᠨ ᠬᠡᠷ ᠤᠨ ᠪᠥᠬᠦ ᠬᠤᠲᠠ ᠶᠢᠨ ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ᠂ ᠱᠢ ᠰᠠᠯᠠᠭᠠᠨ ᠳᠠᠷᠤᠭ᠎ᠠ ᠵᠥᠷᠢᠴᠡᠯ ᠢ ᠵᠢᠭᠰᠠᠭᠠᠨ ᠪᠠᠶᠢᠴᠠᠭᠠᠬᠤ ᠶᠢᠨ ᠴᠢᠬᠤᠯᠠ ᠠᠴᠢ ᠬᠤᠯᠪᠣᠭᠳᠠᠯ᠂ ᠡᠯᠧᠮᠧᠨ᠋ᠲ ᠢ ᠵᠢᠭᠰᠠᠭᠠᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠠᠷᠭ᠎ᠠ᠂ ᠪᠥᠬᠦ ᠶᠠᠪᠤᠴᠠ ᠶᠢ ᠮᠥᠷᠳᠡᠬᠦ ᠵᠡᠷᠭᠡ ᠬᠡᠳᠦᠨ ᠲᠠᠯ᠎ᠠ ᠠᠴᠠ ᠮᠠᠨ ᠤ ᠬᠤᠰᠢᠭᠤᠨ ᠤ ᠵᠥᠷᠢᠴᠡᠯ ᠢ ᠵᠢᠭᠰᠠᠭᠠᠨ ᠪᠠᠶᠢᠴᠠᠭᠠᠬᠤ ᠠᠵᠢᠯ ᠳᠤ ᠪᠣᠳᠠᠲᠠᠶ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠵᠦ᠂ ᠡᠯ᠎ᠡ ᠰᠤᠮᠤ ᠪᠠᠯᠭᠠᠰᠤᠨ ᠤ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯᠲᠠᠨ ᠵᠢᠭᠰᠠᠭᠠᠨ ᠪᠠᠶᠢᠴᠠᠭᠠᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠷᠭ᠎ᠠ ᠬᠡᠮᠵᠢᠶ᠎ᠡ ᠶᠢᠨ ᠲᠤᠬᠠᠶ ᠴᠠᠭ ᠲᠤᠬᠠᠶ ᠳᠤ ᠨᠢ ᠨᠡᠪᠲᠡᠷᠡᠯᠴᠡᠨ ᠰᠣᠯᠢᠯᠴᠠᠪᠠ᠃      ᠬᠤᠷᠠᠯ ᠠᠴᠠ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠣᠯ ᠬᠤᠶᠢᠰᠢᠳᠠ ᠶᠢᠨ ᠴᠢᠬᠤᠯᠠ ᠠᠵᠢᠯ ᠮᠥᠨ᠂ ᠤᠷᠢᠳᠴᠢᠯᠠᠨ ᠣᠷᠣᠯᠴᠠᠵᠤ᠂ ᠪᠣᠭᠤᠮᠲᠠ ᠬᠤᠷᠢᠭ᠎ᠠ ᠶᠢ ᠤᠷᠤᠭᠰᠢ ᠰᠢᠯᠵᠢᠭᠦᠯᠵᠦ᠂ ᠭᠤᠣᠯᠳᠠᠯᠭ᠎ᠠ ᠶᠢ ᠳᠣᠷᠣᠭᠰᠢ ᠲᠠᠯᠪᠢᠵᠤ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠬᠦᠷᠴᠦ ᠤᠯᠠᠨ ᠲᠦᠮᠡᠨ ᠤ ᠪᠣᠳᠠᠲᠠᠢ ᠵᠥᠷᠢᠴᠡᠯ ᠢ ᠰᠢᠢᠳᠪᠦᠷᠢᠯᠡᠵᠦ᠂ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠶᠢ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠳᠤ ᠣᠷᠣᠭᠤᠯᠵᠤ᠂ ᠡᠯ᠎ᠡ ᠦᠨᠳᠦᠰᠦᠨ ᠱᠠᠲᠤᠨ ᠤ ᠣᠷᠣᠯᠠᠨ ᠭᠦᠢᠴᠡᠳᠬᠡᠭᠴᠢ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ︽ᠪᠠᠭ᠎ᠠ ᠶᠠᠪᠤᠳᠠᠯ ᠢ ᠲᠣᠰᠬᠤᠨ ᠠᠴᠠ ᠪᠠᠨ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠪᠠᠨ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠪᠡᠶᠡᠯᠡᠭᠦᠯᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠬᠠᠮᠤᠭ ᠤᠨ ᠶᠡᠭᠡ ᠬᠡᠮᠵᠢᠶ᠎ᠡ ᠪᠠᠷ ᠰᠢᠢᠳᠪᠦᠷᠢᠯᠡᠬᠦ ᠬᠡᠷᠡᠭᠲᠡᠢ  ᠭᠡᠵᠦ ᠴᠢᠬᠤᠯᠠᠴᠢᠯᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ