ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠣᠳᠬᠠᠨ᠂ ᠱᠠᠰᠢᠨ ᠰᠤᠷᠲᠠᠬᠤᠨ ᠤ | ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ | ᠦᠷᠭᠦᠯᠵᠢᠯᠡᠨ ᠠᠬᠢᠭᠤᠯᠬᠤ ᠶᠢᠨ ᠲᠥᠯᠥᠭᠡ ᠂ ᠣᠶᠢᠷ᠎ᠠ ᠳᠤ᠂ ᠰᠢ ᠰᠢᠶᠣᠣ ᠵᠤᠤ ᠪᠠᠯᠭᠠᠰᠤ ᠱᠠᠰᠢᠨ ᠰᠤᠷᠲᠠᠬᠤᠨ ᠤ ᠭᠤᠷᠪᠠᠨ ᠱᠠᠲᠤᠨ ᠤ | ᠰᠦᠯᠵᠢᠶᠡᠨ ᠤ ᠠᠵᠢᠯᠲᠠᠨ ᠢ ᠵᠣᠬᠢᠶᠠᠨ ᠪᠠᠶᠢᠭᠤᠯᠵᠤ ᠲᠣᠰ ᠪᠠᠯᠭᠠᠰᠤᠨ ᠤ ᠾᠷᠢᠰᠲ᠋ᠣᠰ ᠤᠨ ᠱᠠᠰᠢᠨ ᠤ ᠳᠤᠭᠠᠩ ᠳᠤ ᠬᠦᠷᠴᠦ ︽ᠠᠴᠢ ᠡᠨᠡᠷᠢᠯ ᠳᠤ | ᠲᠠᠯᠠᠷᠬᠠᠨ ᠨᠠᠮ ᠢᠶᠠᠨ ᠳᠠᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠠᠯ᠎ᠠ ᠪᠠᠷ ᠵᠢᠱᠢᠶ᠎ᠡ ᠦᠵᠡᠭᠦᠯᠬᠦ︾ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠱᠠᠰᠢᠨ ᠰᠤᠷᠲᠠᠬᠤᠨ ᠤ ᠲᠠᠯᠠᠪᠤᠷ ᠲᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭᠠᠨ ᠤ ᠲᠠᠯᠠᠪᠠᠢ ᠳᠤ᠂ ᠬᠥᠨᠳᠡᠯᠡᠨ ᠪᠢᠴᠢᠭᠡᠰᠦ ᠡᠯᠬᠦᠬᠦ᠂ ᠵᠢᠯᠣᠭᠤᠳᠤᠨ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠥᠷᠭᠡᠨ | ᠣᠯᠠᠨ ᠱᠠᠰᠢᠨ ᠰᠢᠲᠦᠭᠴᠢᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠲᠠᠶᠢᠯᠪᠣᠷᠢᠯᠠᠬᠤ ᠶᠢᠨ ᠬᠠᠮᠲᠣ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ | ᠰᠤᠷᠲᠠᠬᠤᠨ ᠤ ᠶᠠᠪᠤᠳᠠᠯ ᠤᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠠᠬᠢᠭᠤᠯᠬᠤ ᠲᠦᠷᠢᠮ︾ ᠵᠡᠷᠭᠡ ᠤᠬᠠᠭᠤᠯᠭ᠎ᠠ ᠶᠢᠨ ᠭᠠᠷ ᠲᠡᠪᠳᠡᠷ ᠢ ᠲᠠᠷᠬᠠᠭᠠᠵᠤ᠂ ᠲᠡᠳᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠤᠢ ᠪᠣᠯᠭᠠᠨ᠂ ᠰᠠᠨᠠᠭᠠᠴᠢᠯᠠᠭ᠎ᠠ ᠠᠴᠠ ᠪᠠᠨ ᠦᠨᠳᠦᠰᠦᠲᠡᠨ ᠤ ᠪᠦᠯᠬᠦᠮᠳᠡᠯ ᠤᠨ ᠤᠬᠠᠭᠤᠯᠤᠭᠴᠢ ᠪᠠ ᠦᠢᠯᠡᠳᠦᠯᠭᠡᠵᠢᠭᠦᠯᠦᠭᠴᠢ | ᠪᠣᠯᠬᠤ ᠶᠢ ᠵᠣᠷᠢᠪᠠ᠃ ᠠᠵᠢᠯᠯᠠᠭᠠᠨ ᠳᠤ ᠪᠠᠰᠠ᠂ ᠰᠢ ᠰᠢᠶᠣᠣ ᠵᠤᠤ ᠪᠠᠯᠭᠠᠰᠤᠨ ᠤ ᠾᠷᠢᠰᠲ᠋ᠣᠰ ᠤᠨ ᠱᠠᠰᠢᠨ ᠤ ᠬᠠᠮᠢᠶᠠᠷᠤᠯᠲᠠ ᠶᠢᠨ ᠵᠥᠪᠯᠡᠯ ᠤᠨ | ᠪᠦᠷᠢᠯᠳᠦᠬᠦᠨ ᠢ ᠵᠣᠬᠢᠶᠠᠨ ᠪᠠᠶᠢᠭᠤᠯᠵᠤ 2023 ᠣᠨ ᠤ 9 ᠰᠠᠷ᠎ᠠ ᠶᠢᠨ 1 ᠤ ᠡᠳᠦᠷ ᠬᠡᠷᠡᠭᠵᠢᠭᠦᠯᠦᠭᠰᠡᠨ ︽ᠱᠠᠰᠢᠨ ᠰᠤᠷᠲᠠᠬᠤᠨ ᠤ ᠠᠵᠢᠯᠯᠠᠭ᠎ᠠ ᠶᠢᠨ | ᠲᠠᠯᠠᠪᠤᠷ ᠤᠨ ᠬᠠᠮᠢᠶᠠᠷᠤᠯᠲᠠ ᠶᠢᠨ ᠠᠷᠭ᠎ᠠ︾ ᠶᠢ ᠰᠤᠷᠤᠯᠴᠠᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠱᠠᠰᠢᠨ ᠰᠤᠷᠲᠠᠬᠤᠨ ᠤ | ᠲᠠᠯᠠᠪᠤᠷ ᠤᠨ ᠬᠠᠮᠢᠶᠠᠷᠤᠯᠲᠠ ᠶᠢᠨ ᠵᠢᠷᠤᠮᠵᠢᠯ᠂ ᠬᠠᠤᠯᠢᠵᠢᠯ᠂ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠪᠡ᠃ | ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠱᠠᠰᠢᠨ ᠰᠢᠲᠦᠭᠴᠢᠳ ᠤᠨ | ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠶᠢᠰᠢᠳᠠ ᠶᠢᠨ | ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠦᠨᠳᠦᠰᠦᠲᠡᠨ ᠤ ᠱᠠᠰᠢᠨ ᠰᠤᠷᠲᠠᠬᠤᠨ ᠤ ᠣᠷᠴᠢᠨ ᠨᠥᠬᠦᠴᠡᠯ ᠢ ᠪᠠᠶᠢᠭᠤᠯᠬᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠠᠶᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ | |