ᠪᠠᠶᠠᠨᠬᠤᠸᠠ ᠪᠠᠯᠭᠠᠰᠤ ︽ᠠᠴᠢ ᠡᠨᠡᠷᠢᠯ ᠳᠤ ᠲᠠᠯᠠᠷᠬᠠᠨ ᠨᠠᠮ ᠢᠶᠠᠨ ᠳᠠᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠵᠢᠱᠢᠶ᠎ᠡ ᠦᠵᠡᠭᠦᠯᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/22
    ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠶᠢᠨ ᠠᠭᠤᠯᠭ᠎ᠠ ᠶᠢ  ᠪᠠᠶᠠᠯᠢᠭᠵᠢᠭᠤᠯᠤᠨ᠂ ᠡᠯ᠎ᠡ ᠦᠨᠳᠦᠰᠦᠲᠡᠨ ᠤ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ ᠂ ᠪᠠᠶᠠᠨᠬᠤᠸᠠ ᠪᠠᠯᠭᠠᠰᠤ ︽ᠠᠴᠢ ᠡᠨᠡᠷᠢᠯ ᠳᠤ ᠲᠠᠯᠠᠷᠬᠠᠨ ᠨᠠᠮ ᠢᠶᠠᠨ ᠳᠠᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠠᠯ᠎ᠠ ᠪᠠᠷ ᠵᠢᠱᠢᠶ᠎ᠡ ᠦᠵᠡᠭᠦᠯᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃    ᠣᠷᠳᠣᠭᠤᠣᠯ ᠭᠠᠴᠠᠭᠠᠨ ᠤ ᠨᠠᠮ ᠤᠨ ᠡᠭᠦᠷ ᠠᠴᠠ ᠨᠠᠮ ᠤᠨ ᠭᠡᠰᠢᠭᠦᠨ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠣᠬᠢᠶᠠᠨ ᠪᠠᠶᠢᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠠᠶᠢᠯᠪᠤᠷᠢᠯᠠᠬᠤ ᠶᠢᠨ ᠬᠠᠮᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠶ᠎ᠠ︾ ᠭᠡᠬᠦ ᠠᠭᠤᠯᠭ᠎ᠠ ᠶᠢᠨ ᠲᠣᠬᠠᠢ ᠲᠥᠪᠯᠡᠷᠡᠭᠦᠯᠦᠨ ᠰᠢᠯᠭᠠᠵᠤ᠂ ᠥᠷᠭᠡᠨ ᠣᠯᠠᠨ ᠨᠠᠮ ᠤᠨ  ᠬᠡᠰᠢᠬᠦᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠭᠦᠨᠵᠡᠭᠡᠶ ᠣᠶᠢᠯᠠᠭᠠᠯᠲᠠ ᠲᠠᠢ ᠪᠣᠯᠭᠠᠪᠠ᠂ ᠬᠦᠳᠡᠯᠭᠡᠭᠡᠨ ᠳᠤ ᠪᠠᠰᠠ ︽ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ︾᠂ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠵᠡᠷᠭᠡ ᠳᠠᠭᠤᠤ ᠶᠢ ᠳᠠᠭᠤᠯᠠᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠡᠶ᠎ᠡ ᠵᠣᠬᠢᠴᠠᠩᠭᠤᠶ᠂ ᠬᠠᠮᠲᠤ ᠪᠠᠷ ᠠᠭᠤᠰᠤᠯᠴᠠᠬᠤ᠂ ᠬᠠᠮᠲᠤ ᠪᠠᠷ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ  ᠢ ᠪᠣᠢ ᠪᠣᠯᠭᠠᠪᠠ᠃    ᠠᠭᠤᠢ ᠶᠢᠨ ᠭᠤᠣᠯ ᠭᠠᠴᠠᠭᠠᠨ ᠤ ᠬᠤᠶᠠᠷ ᠵᠥᠪᠯᠡᠯ ᠤᠨ ᠭᠡᠰᠢᠭᠦᠳ ︽︿ᠴᠢᠩᠭᠠᠳᠬᠠᠨ ᠰᠠᠶᠢᠵᠢᠷᠠᠭᠤᠯᠬᠤ﹀ ᠡᠨᠡ ᠬᠦ ᠵᠠᠩᠭᠢᠯᠠᠭ᠎ᠠ ᠶᠢ ᠣᠨᠣᠪᠴᠢᠲᠠᠶ ᠡᠵᠡᠮᠳᠡᠶ᠎ᠡ︾ ᠭᠡᠬᠦ ᠰᠡᠳᠦᠪ ᠢᠶᠠᠷ ᠰᠤᠷᠤᠯᠴᠠᠨ᠂ ᠨᠠᠮ ᠤᠨ ᠡᠭᠦᠷ ᠤᠨ ᠱᠦᠵᠢ ᠠᠴᠠ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠶ᠎ᠠ︾ ᠭᠡᠬᠦ ᠨᠣᠮ ᠢ ᠳᠠᠭᠠᠭᠤᠯᠤᠨ ᠰᠤᠷᠤᠯᠴᠠᠭᠰᠠᠨ ᠪᠥᠭᠡᠳ ᠲᠤᠬᠠᠶ ᠶᠢᠨ ᠲᠠᠯᠠᠪᠤᠷ ᠲᠤ ᠵᠠᠪᠳᠤᠨ ᠬᠠᠷᠢᠭᠤᠯᠬᠤ ᠠᠷᠭ᠎ᠠ ᠬᠡᠯᠪᠡᠷᠢ ᠪᠠᠷ ᠮᠡᠳᠡᠯᠭᠡ ᠪᠠᠨ ᠪᠠᠬᠢᠵᠢᠭᠦᠯᠪᠡ᠃  ᠲᠠᠢ ᠶᠢᠨ ᠡᠩᠭᠡᠷ ᠭᠠᠴᠠᠭ᠎ᠠ᠂ ᠲᠠᠬᠢᠶᠠᠴᠢ ᠭᠠᠴᠠᠭ᠎ᠠ᠂ ᠬᠥᠬᠡᠪᠤᠯᠠᠭ ᠭᠠᠴᠠᠭ᠎ᠠ ᠪᠣᠯᠤᠨ ᠾᠧ ᠱᠦᠨ ᠵᠤᠸᠠᠩ ᠲᠣᠰᠬᠤᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠤᠬᠠᠭᠤᠯᠭ᠎ᠠ ᠶᠢᠨ ᠳᠡᠪᠲᠡᠷ ᠢ ᠲᠠᠷᠬᠠᠭᠠᠬᠤ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠣᠨᠣᠯᠵᠢᠬᠤᠨ ᠢ  ᠪᠠᠬᠢᠵᠢᠭᠦᠯᠪᠡ᠃    ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠵᠢᠴᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠠᠭ ᠦᠶ᠎ᠡ ᠶᠢᠨ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠶ ᠣᠶᠢᠯᠠᠭᠠᠯᠲᠠ ᠪᠠ ᠡᠵᠡᠮᠳᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠤᠯᠠᠨ ᠢᠶᠠᠷ ᠢᠶᠠᠨ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ᠂ ᠢᠳᠡᠪᠬᠢ ᠬᠦᠴᠦᠨ ᠢ ᠤᠯᠠᠮᠵᠢᠯᠠᠵᠤ᠂ ︽ᠠᠴᠢ ᠡᠨᠡᠷᠢᠯ ᠳᠤ ᠲᠠᠯᠠᠷᠬᠠᠨ ᠨᠠᠮ ᠢᠶᠠᠨ ᠲᠠᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠠᠯ᠎ᠠ ᠪᠠᠷ ᠵᠢᠱᠢᠶ᠎ᠠ ᠦᠵᠡᠭᠦᠯᠬᠦ︾ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ ᠭᠡᠵᠦ ᠢᠯᠡᠳᠬᠡᠵᠡᠭᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ