ᠮᠤᠨᠠ ᠠᠭᠤᠯᠠ ᠪᠠᠯᠭᠠᠰᠤ᠄ ᠤᠬᠠᠭᠤᠯᠤᠨ ᠲᠠᠶᠢᠯᠪᠤᠷᠢᠯᠠᠬᠤ ᠠᠵᠢᠯ ᠢ ᠤᠯᠠᠨ ᠲᠦᠮᠡᠨ ᠲᠠᠢ ᠤᠢᠢᠷᠠᠳᠤᠭᠤᠯᠵᠤ ᠨᠠᠮ ᠤᠨ  ᠳᠠᠭᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ
ᠨᠡᠶᠢᠲᠡᠯᠡᠭᠰᠡᠨ ᠴᠠᠭ᠄
2023/9/22
    ᠤᠢᠢᠷ᠎ᠡ ᠶᠢᠨ ᠵᠢᠯ ᠠᠴᠠ ᠨᠠᠭᠠᠰᠢ᠂  ᠣᠷᠠᠳ ᠤᠨ ᠡᠮᠦᠨᠡᠲᠤ ᠬᠤᠰᠢᠭᠤᠨ ᠤ ᠮᠤᠨᠠ ᠠᠭᠤᠯᠠ ᠪᠠᠯᠭᠠᠰᠤ ᠤᠬᠠᠭᠤᠯᠤᠨ ᠲᠠᠶᠢᠯᠪᠤᠷᠢᠯᠠᠬᠤ ᠡᠩᠨᠡᠭᠡᠨ ᠤ ᠬᠦᠴᠦᠨ ᠢᠶᠠᠨ ᠪᠠᠳᠠᠷᠠᠭᠤᠯᠵᠤ᠂ ᠪᠣᠳᠠᠲᠠᠢ ᠲᠠᠢ ᠣᠶᠢᠷᠠᠳᠬᠤ᠂ ᠤᠯᠠᠨ ᠲᠦᠮᠡᠨ ᠲᠠᠢ ᠣᠶᠢᠷᠠᠳᠬᠤ ᠵᠠᠷᠴᠢᠮ ᠢ  ᠪᠠᠷᠢᠮᠲᠠᠯᠠᠨ᠂ ᠤᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶᠢᠯᠠᠭᠠᠬᠤ᠂ ᠮᠡᠳᠡᠬᠦᠢ ᠬᠢᠬᠦᠢ ᠶᠢ ᠨᠢᠭᠡᠳᠬᠡᠬᠦ ᠳᠡᠭᠡᠷ᠎ᠡ ᠬᠦᠴᠦ ᠣᠷᠣᠭᠤᠯᠵᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠪᠦᠬᠦ ᠲᠠᠯ᠎ᠠ ᠪᠠᠷ᠂ ᠰᠢᠰᠲ᠋ᠧᠮ ᠲᠠᠢ᠂ ᠨᠠᠮ ᠤᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠰᠡᠳᠬᠢᠴᠡ᠂ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠰᠤᠳᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃    ᠨᠢᠭᠤᠷᠳᠠᠨ ᠣᠬᠠᠭᠤᠯᠣᠨ ᠲᠠᠶᠢᠯᠪᠣᠷᠢᠯᠠᠵᠤ᠂ ᠬᠠᠮᠲᠣ ᠪᠠᠷ ᠰᠣᠷᠣᠯᠴᠠᠬᠤ ᠶᠢ ᠠᠬᠢᠭᠤᠯᠪᠠ᠃ ᠡᠯ᠎ᠡ ᠠᠵᠢᠯ ᠲᠦᠷᠦᠯ ᠤᠨ  ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ᠂ ᠤᠳᠤᠷᠢᠳᠬᠤ ᠺᠠᠳ᠋ᠷ᠂ ᠲᠤᠰᠬᠠᠢ ᠮᠡᠷᠭᠡᠵᠢᠯᠲᠡᠨ ᠡᠷᠳᠡᠮᠲᠡᠨ ᠢ ᠳᠠᠶᠢᠴᠢᠯᠠᠵᠤ᠂ ᠡᠯ᠎ᠡ ᠰᠣᠮᠣ ᠪᠠᠯᠭᠠᠰᠣ ᠲᠣᠰᠬᠤᠨ ᠢᠶᠠᠷ ᠬᠦᠨᠵᠡᠭᠡᠶᠢᠷᠡᠨ ᠲᠡᠳᠡᠨ ᠤ ᠰᠣᠨᠣᠰᠴᠤ ᠣᠶᠢᠯᠠᠭᠠᠬᠤ᠂ ᠴᠡᠭᠡᠵᠢᠯᠡᠵᠦ ᠳᠡᠶᠢᠯᠬᠦ ᠦᠭᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠣᠬᠠᠭᠤᠯᠪᠠ᠃    ᠨᠠᠮ ᠤᠨ ᠲᠦᠯᠦᠭᠡᠯᠡᠭᠴᠢᠳ ᠤᠨ ᠦᠢᠯᠡ ᠠᠵᠢᠯᠯᠠᠭ᠎ᠠ ᠥᠯᠢᠭᠡᠷ ᠳᠠᠭᠤᠷᠢᠶᠠᠯ ᠤᠨ ᠬᠦᠴᠦᠨ ᠢ ᠰᠢᠩᠭᠡᠭᠡᠨ ᠰᠣᠷᠣᠯᠴᠠᠪᠠ᠃ ᠪᠠᠯᠭᠠᠰᠤᠨ ᠤ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠨᠡᠶᠢᠲᠡᠯᠢᠭ ᠵᠥᠪ ᠲᠠᠯ᠎ᠠ ᠶᠢᠨ ᠬᠥᠮᠦᠰ ᠤᠨ ᠲᠤᠰᠬᠠᠢ ᠰᠡᠳᠦᠪᠲᠦ ᠪᠠᠷᠢᠮᠲᠠᠲᠤ ᠹᠢᠯᠢᠮ ᠢ ᠦᠵᠡᠭᠦᠯᠵᠦ᠂ ᠲᠡᠳᠡᠨ ᠳᠤ ᠢᠲᠡᠭᠡᠯ ᠪᠢᠰᠢᠷᠡᠯ᠂ ᠬᠤᠪᠢ ᠨᠡᠮᠡᠷᠢ᠂ ᠪᠠᠲᠤ ᠪᠠᠷᠢᠮᠲᠠᠯᠠᠯ᠂ ᠬᠠᠷᠢᠭᠤᠴᠠᠯᠭ᠎ᠠ᠂ ᠡᠭᠦᠷᠭᠡᠯᠡᠯ᠂ ᠰᠢᠨ᠎ᠡ ᠡᠭᠦᠳᠦᠯᠲᠡ ᠶᠢ ᠳᠠᠮᠵᠢᠭᠤᠯᠤᠭᠰᠠᠨ ᠪᠠᠶᠢᠨ᠎ᠠ᠃    ᠤᠩᠰᠢᠬᠤ ᠪᠠ ᠤᠬᠠᠭᠤᠯᠤᠨ ᠲᠠᠶᠢᠯᠪᠤᠷᠢᠯᠠᠬᠤ ᠶᠢ ᠣᠶᠠᠯᠳᠣᠭᠤᠯᠪᠠ᠃ ᠮᠤᠨᠠ ᠠᠭᠤᠯᠠ ᠪᠠᠯᠭᠠᠰᠤ ᠤᠯᠠᠨ ᠲᠦᠮᠡᠨ ᠢ ᠵᠣᠬᠢᠶᠠᠨ ᠪᠠᠶᠢᠭᠤᠯᠵᠤ ᠬᠤᠪᠢᠰᠬᠠᠯᠲᠤ ᠨᠣᠮ ᠤᠩᠰᠢᠬᠤ᠂ ᠣᠯᠤᠯᠲᠠ ᠲᠦᠷᠦᠭᠳᠡᠯ ᠢᠶᠠᠨ ᠬᠤᠪᠢᠶᠠᠯᠴᠠᠬᠤ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠦᠷᠦᠭᠳᠡᠯ ᠢᠶᠠᠨ ᠠᠭᠤᠵᠢᠷᠠᠲᠠᠯ᠎ᠠ ᠶᠠᠷᠢᠯᠴᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ  ᠡᠯ᠎ᠡ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠣᠶᠣᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠤᠩᠰᠢᠯᠭ᠎ᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠰᠢᠨ᠎ᠡ ᠶᠢ ᠡᠭᠦᠳᠴᠦ᠂ ᠥᠷᠭᠡᠨ ᠣᠯᠠᠨ ᠲᠦᠮᠡᠨ ᠢ ᠪᠦᠯᠬᠦᠮᠳᠡᠭᠦᠯᠦᠨ ᠨᠢᠭᠲᠠᠷᠠᠭᠤᠯᠵᠤ ᠡᠷᠡᠰ ᠭᠤᠶᠢᠪᠢᠰᠢ ᠥᠬᠡᠶ ᠪᠠᠷ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠳᠠᠭᠠᠵᠤ  ᠶᠠᠪᠤᠬᠤ ᠶᠢ ᠰᠠᠨᠠᠭᠠᠴᠢᠯᠠᠪᠠ᠃    ᠠᠳᠠᠯᠢᠳᠬᠠᠯ ᠢᠶᠠᠷ ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠯᠭ᠎ᠠ ᠪᠠᠷ ᠠᠵᠢᠯᠯᠠᠭ᠎ᠠ ᠶᠢ ᠠᠬᠢᠭᠤᠯᠪᠠ᠃ ᠮᠤᠨᠠ ᠠᠭᠤᠯᠠ ᠪᠠᠯᠭᠠᠰᠤ ᠲᠣᠰᠬᠤᠨ᠂ ᠨᠡᠶᠢᠭᠡᠮ ᠲᠣᠭᠤᠷᠢᠭ ᠤᠨ ᠱᠦᠵᠢ ᠶᠢᠨ ᠮᠥᠷᠦ᠋ᠴᠡᠭᠡᠨ ᠤ ᠲᠠᠶᠢᠰᠠᠨ ᠤ ᠤᠷᠤᠯᠳᠤᠭᠠᠨ ᠡᠷᠭᠢᠯᠡᠬᠦ ᠪᠠᠷ  ᠲᠠᠮᠵᠢᠭᠤᠯᠤᠨ᠂ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠵᠣᠷᠢᠭᠵᠢᠭᠤᠯᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠬᠦ ᠶᠢ ᠵᠣᠷᠢᠵᠠᠶ᠃     ᠬᠤᠶᠢᠰᠢᠳᠠ᠂ ᠲᠣᠰ ᠪᠠᠯᠭᠠᠰᠤ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠡᠯᠪᠡᠭ ᠪᠠᠶᠠᠯᠢᠭ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠥᠬᠦᠮ ᠣᠶᠢᠯᠠᠭᠠᠮᠵᠢᠲᠠᠶ᠂ ᠣᠯᠠᠨ ᠲᠦᠮᠡᠨ ᠲᠠᠢ ᠣᠶᠢᠷᠠᠲᠤᠭᠰᠠᠨ ᠦᠭᠡ ᠬᠡᠯᠡ ᠪᠠᠷ ᠨᠠᠮ ᠤᠨ ᠲᠠᠭᠤᠨ ᠢ ᠡᠷᠦᠬᠡ ᠪᠣᠯᠭᠠᠨ ᠳᠤ ᠤᠬᠠᠭᠤᠯᠵᠤ᠂ ᠡᠶ᠎ᠡ ᠵᠣᠬᠢᠴᠠᠩᠭᠤᠶ ᠪᠠᠯᠭᠠᠰᠤᠨ ᠤ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠳᠤ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠪᠦᠯᠬᠦᠮᠳᠡᠭᠦᠯᠦᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ