ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ︽ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠤᠰᠬᠠᠶ ᠠᠵᠢᠯᠯᠠᠭ᠎ᠠ ᠶᠢᠨ ᠲᠡᠷᠢᠭᠦᠨ ᠤ ᠨᠢᠭᠡᠴᠢ︾ ᠶᠢᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2023/9/22
   9 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠠᠴᠠ ᠬᠠᠮᠲᠤᠷᠠᠨ ᠡᠷᠭᠢᠯᠡᠭᠰᠡᠨ ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠲᠤᠰᠬᠠᠶ ᠠᠵᠢᠯᠯᠠᠭ᠎ᠠ ᠶᠢ ᠳ᠋ᠦᠩᠨᠡᠨ ᠰᠠᠶᠢᠰᠢᠶᠠᠬᠤ ᠵᠢᠴᠢ ᠬᠠᠤᠯᠢᠵᠢᠯ ᠤᠨ ᠬᠥᠮᠦᠵᠢᠯ ᠪᠣᠯᠪᠠᠰᠤᠷᠠᠯ ᠤᠨ ᠬᠤᠷᠠᠯ ᠬᠥᠬᠡᠬᠤᠲᠠ ᠳᠤ ᠶᠠᠪᠤᠭᠳᠠᠵᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ︽ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠤᠬᠠᠭᠤᠯᠭ᠎ᠠ ᠶᠢᠨ ᠲᠡᠷᠢᠭᠦᠨ ᠤ ᠬᠠᠮᠲᠤ︾ ᠶᠢᠨ ᠢᠷᠠᠭᠤ ᠠᠯᠳᠠᠷ ᠢ ᠭᠥᠷᠳᠡᠪᠡ᠃ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠨᠢ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠲᠠᠢ ᠬᠤᠯᠪᠣᠭᠳᠠᠵᠤ᠂ ᠨᠡᠩ ᠴᠤ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠪᠠ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠳᠠᠭ᠃ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠵᠠᠯᠠᠭᠤᠴᠤᠳ ᠪᠠᠭᠠᠴᠤᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠪᠥᠭᠡᠳ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ︾ ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ᠃   ᠣᠶᠢᠷ᠎ᠠ ᠶᠢᠨ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠴᠢᠬᠤᠯᠠ ᠠᠵᠢᠯ ᠪᠣᠯᠭᠠᠨ ᠠᠳᠬᠤᠵᠤ᠂ ᠰᠢᠭᠦᠨ ᠲᠠᠰᠤᠯᠬᠤ ᠳᠤ ᠰᠠᠭᠤᠷᠢᠯᠠᠨ᠂ ᠵᠠᠯᠠᠭᠤᠴᠤᠳ ᠪᠠᠭᠠᠴᠤᠳ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠣᠯᠠᠨ ᠠᠷᠭ᠎ᠠ ᠬᠡᠮᠵᠢᠶ᠎ᠡ ᠪᠠᠷ ᠵᠠᠯᠠᠭᠤᠴᠤᠳ ᠪᠠᠭᠠᠴᠤᠳ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ  ᠶᠢᠨ ᠬᠥᠮᠦᠵᠢᠯ ᠤᠨ ᠠᠵᠢᠯ ᠢ ᠰᠠᠶᠢᠲᠤᠷ ᠠᠳᠬᠤᠪᠠ᠃    ᠲᠣᠰ ᠬᠤᠷᠢᠶ᠎ᠠ ᠨᠢ ᠰᠢᠨ᠎ᠡ ᠵᠠᠭᠤᠴᠢᠯᠠᠭᠤᠷ ᠤᠨ ᠲᠠᠪᠴᠠᠩ ᠢ ᠬᠦᠢᠴᠡᠳ ᠠᠰᠢᠭᠯᠠᠨ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠴᠠᠭᠠᠵᠠ ᠶᠢᠨ ᠮᠡᠳᠡᠯᠭᠡ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠶᠢᠨ ᠠᠭᠤᠯᠭ᠎ᠠ ᠶᠢ ᠣᠯᠠᠨ ᠠᠷᠭ᠎ᠠ ᠬᠡᠯᠪᠡᠷᠢ ᠪᠠᠷ ᠬᠦᠷᠭᠡᠵᠦ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠦᠷᠨᠢᠬᠦᠯᠪᠡ᠃ ︽ᠰᠤᠷᠭᠠᠭᠤᠯᠢ ᠶᠢᠨ ᠬᠦᠷᠢᠶᠡᠨ ᠳᠤ ᠬᠠᠤᠯᠢ ᠬᠦᠷᠭᠡᠬᠦ︾ ︽ᠰᠢᠬᠦᠬᠦ ᠬᠤᠷᠢᠶ᠎ᠠ ᠰᠤᠷᠭᠠᠭᠤᠯᠢ ᠬᠠᠮᠲᠤ ᠪᠠᠷ ᠵᠠᠰᠠᠬᠤ︾ ᠵᠡᠷᠭᠡ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠠᠬᠢᠭᠤᠯᠪᠠ᠃ ᠡᠳᠡᠭᠡᠷ ᠠᠴᠠ ᠭᠠᠳᠠᠨ᠎ᠠ ᠪᠠᠰᠠ ᠬᠦᠳᠡᠯᠭᠡᠭᠡᠨ ᠪᠦᠷᠢ ᠳᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ᠂ ᠨᠠᠰᠤᠨ ᠳᠤ ᠥᠯᠥ ᠭᠦᠷᠦᠭᠰᠡᠳ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠡᠰᠡᠷᠭᠦᠴᠡᠬᠦ ᠵᠡᠷᠭᠡ ᠠᠭᠤᠯᠭ᠎ᠠ ᠶᠢ ᠪᠠᠭᠲᠠᠭᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ ᠪᠠᠲᠤᠯᠠᠵᠤ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠦᠵᠡᠯᠲᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠵᠤ᠂ ᠪᠠᠭᠰᠢ ᠰᠤᠷᠤᠭᠴᠢᠳ ᠤᠨ ᠰᠠᠶᠢᠨ ᠦᠨᠡᠯᠡᠯᠲᠡ ᠶᠢ ᠨᠢᠭᠡᠳᠦᠯᠲᠡᠶ ᠤᠯᠪᠠ᠃ ᠡᠭᠦᠨ ᠤ ᠬᠠᠮᠲᠤ ︽ᠳᠠᠭᠤᠷᠢᠶᠠᠮᠠᠯ ᠰᠢᠭᠦᠬᠦ ᠲᠢᠩᠬᠢᠮ︾ ᠤᠨ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠬᠦᠲᠦᠯᠦᠨ ᠵᠢᠯᠣᠭᠤᠳᠴᠤ᠂ ᠰᠡᠳᠬᠢᠯ ᠵᠢᠷᠦᠬᠡᠨ ᠳᠡᠭᠡᠨ ᠬᠠᠤᠯᠢ ᠪᠠᠷ ᠵᠠᠰᠠᠬᠤ ᠶᠢᠨ ᠦᠷ᠎ᠡ ᠶᠢ ᠰᠠᠴᠤᠵᠤ᠂ ᠬᠠᠤᠯᠢ ᠪᠠᠷ ᠵᠠᠰᠠᠬᠤ ᠢᠲᠡᠭᠡᠯ ᠪᠢᠰᠢᠷᠡᠯ ᠢ ᠪᠤᠢ  ᠪᠣᠯᠭᠠᠪᠠ᠃    ᠢᠷᠠᠭᠤ ᠠᠯᠳᠠᠷ ᠤᠨ ᠬᠥᠬᠢᠭᠦᠯᠦᠯ ᠪᠣᠯ ᠰᠢᠭᠦᠬᠦ ᠬᠤᠷᠢᠶᠠᠨ ᠤ ᠠᠵᠢᠯ ᠢ ᠮᠡᠳᠡᠷᠡᠨ ᠵᠥᠪᠰᠢᠶᠡᠷᠡᠵᠦ ᠪᠠᠶᠢᠭ᠎ᠠ ᠶᠠᠪᠤᠳᠠᠯ ᠮᠥᠨ᠂ ᠨᠡᠩ ᠴᠤ ᠤᠷᠮᠠᠰᠢᠭᠤᠯᠤᠨ ᠵᠣᠷᠢᠭᠵᠢᠭᠤᠯᠵᠤ ᠪᠠᠶᠢᠭ᠎ᠠ ᠶᠠᠪᠤᠳᠠᠯ ᠮᠥᠨ᠃ ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠢᠷᠠᠭᠤ ᠠᠯᠳᠠᠷ ᠢᠶᠠᠨ ᠨᠠᠨᠳᠢᠩᠨᠠᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠠᠤᠯᠢ ᠪᠠᠷᠢᠬᠤ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠰᠢᠨᠡᠴᠢᠯᠡᠵᠦ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠬᠦᠴᠦᠨ ᠢᠶᠠᠷ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠨ᠎ᠠ᠃                 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ