ᠤᠷᠠᠳ ᠤᠨ ᠡᠮᠦᠨᠡᠲᠦ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠢᠨ ᠠᠨ ᠲᠣᠰᠬᠤᠨ ᠳᠤ ᠬᠥᠭᠦᠷᠭᠡ ᠪᠠᠶᠢᠭᠤᠯᠵᠤ ᠥᠭᠪᠡ
ᠨᠡᠶᠢᠲᠡᠯᠡᠭᠰᠡᠨ ᠴᠠᠭ᠄
2023/9/26
      ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠢᠨ ᠠᠨ ᠪᠠᠯᠭᠠᠰᠤᠨ ᠤ ᠰᠢᠨ ᠠᠨ ᠲᠣᠰᠬᠤᠨ ᠳᠤ ᠤᠯᠠᠭᠠᠨ ᠵᠠᠭᠠᠯᠮᠠᠶ ᠶᠢᠨ ᠰᠡᠳᠭᠢᠯ ᠬᠤᠯᠪᠤᠬᠤ ᠬᠥᠭᠦᠷᠭᠡ ᠶᠢᠨ ︽ᠲᠦᠭᠡᠮᠡᠯ ᠬᠠᠶᠢᠷᠠᠲᠤ ᠬᠡᠷ ᠣᠷᠣᠨ︾ ᠤ ᠲᠥᠷᠥᠯ  ᠵᠦᠢᠯ ᠤᠨ ᠪᠠᠷᠢᠯᠭ᠎ᠠ ᠡᠬᠢᠯᠡᠬᠦ ᠶᠣᠰᠣᠯᠠᠯ ᠶᠠᠪᠤᠭᠤᠯᠪᠠ᠃       ᠪᠠᠷᠢᠯᠭ᠎ᠠ ᠡᠬᠢᠯᠡᠬᠦ ᠶᠣᠰᠣᠯᠠᠯ ᠳᠡᠭᠡᠷ᠎ᠡ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠲᠦᠭᠡᠮᠡᠯ ᠬᠠᠶᠢᠷᠠᠲᠦ ᠬᠡᠷ ᠣᠷᠣᠨ︾ ᠤ ᠲᠥᠷᠥᠯ ᠵᠦᠢᠯ ᠢ ᠬᠡᠷᠡᠭᠵᠢᠭᠦᠯᠬᠦ ᠶᠢᠨ ᠵᠣᠷᠢᠯᠭ᠎ᠠ ᠠᠴᠢ ᠬᠤᠯᠪᠣᠭᠳᠠᠯ ᠢ ᠲᠠᠨᠢᠯᠴᠠᠭᠤᠯᠤᠭᠰᠠᠨ ᠤ ᠬᠠᠮᠲᠤ᠂ ᠲᠣᠰᠬᠤᠨ ᠤ ᠠᠷᠠᠳ ᠢ ᠲᠥᠷᠥᠯ ᠵᠦᠢᠯ ᠤᠨ ᠰᠠᠶᠢᠨ ᠳᠤᠷᠠᠴᠤᠳ ᠤᠨ ᠠᠵᠢᠯ ᠳᠤ ᠣᠷᠣᠯᠴᠠᠵᠤ᠂ ᠤᠯᠠᠭᠠᠨ ᠵᠠᠭᠠᠯᠮᠠᠢ ᠶᠢᠨ ᠰᠡᠳᠭᠢᠯ ᠬᠤᠯᠪᠣᠬᠤ ᠬᠥᠭᠦᠷᠭᠡ ᠶᠢᠨ ︽ᠲᠦᠭᠡᠮᠡᠯ ᠬᠠᠶᠢᠷᠠᠲᠤ ᠬᠡᠷ ᠣᠷᠣᠨ︾ ᠤ ᠲᠥᠷᠥᠯ ᠵᠦᠢᠯ ᠳᠤ ᠰᠠᠶᠢᠲᠤᠷ ᠦᠢᠯᠡᠴᠢᠯᠡᠬᠦ ᠪᠠ ᠬᠢᠨᠠᠯᠲᠠ ᠲᠠᠯᠪᠢᠬᠤ ᠶᠢ ᠪᠠᠲᠤᠯᠠᠵᠤ᠂ ᠤᠯᠠᠭᠠᠨ ᠵᠠᠭᠠᠯᠮᠠᠢ ᠶᠢᠨ ᠰᠡᠳᠭᠢᠯ ᠬᠤᠯᠪᠣᠬᠤ ᠬᠥᠭᠦᠷᠭᠡ ᠶᠢᠨ ᠨᠠᠮ ᠪᠠ ᠣᠯᠠᠨ ᠲᠦᠮᠡᠨ ᠤ  ᠬᠤᠭᠤᠷᠤᠨᠳᠤᠬᠢ ᠰᠡᠳᠭᠢᠯ ᠬᠤᠯᠪᠣᠬᠤ  ᠦᠢᠯᠡᠳᠦᠯ ᠢ ᠦᠨᠡᠨ ᠬᠦ ᠪᠠᠳᠠᠷᠠᠭᠤᠯᠬᠤ ᠶᠢ ᠬᠦᠰᠡᠪᠡ᠃ ᠰᠢᠨ ᠠᠨ ᠪᠠᠯᠭᠠᠰᠤᠨ ᠤ ᠬᠠᠷᠢᠭᠤᠴᠠᠯᠭᠠᠲᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠦᠲᠡᠶ ᠳᠡᠮᠵᠢᠯᠭᠡ ᠳᠤ ᠲᠠᠯᠠᠷᠬᠠᠬᠤ ᠶᠢᠨ ᠬᠠᠮᠲᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠤᠯᠠᠭᠠᠨ ᠵᠠᠭᠠᠯᠮᠠᠢ ᠶᠢᠨ  ᠰᠡᠳᠭᠢᠯ ᠬᠤᠯᠪᠣᠬᠤ ᠬᠥᠭᠦᠷᠭᠡ ᠶᠢᠨ ︽ᠲᠦᠭᠡᠮᠡᠯ ᠬᠠᠶᠢᠷᠠᠲᠤ ᠬᠡᠷ ᠣᠷᠣᠨ︾ ᠤ ᠲᠥᠷᠥᠯ ᠵᠦᠢᠯ ᠤᠨ ᠡᠯ᠎ᠡ ᠱᠠᠲᠤᠨ ᠤ  ᠨᠠᠶᠢᠳᠠᠪᠤᠷᠢᠵᠢᠭᠤᠯᠤᠯᠲᠠ ᠶᠢ ᠰᠠᠶᠢᠲᠤᠷ ᠪᠡᠶᠡᠯᠡᠭᠦᠯᠵᠦ᠂ ᠠᠷᠠᠳ ᠣᠯᠠᠨ ᠤ ᠤᠯᠠᠭᠠᠨ ᠵᠠᠭᠠᠯᠮᠠᠢ ᠶᠢᠨ ᠰᠡᠳᠭᠢᠯ ᠬᠤᠯᠪᠤᠬᠤ ᠬᠥᠭᠦᠷᠭᠡ ᠶᠢ ᠡᠷᠲᠡᠬᠡᠨ ᠬᠡᠷᠡᠭᠯᠡᠬᠦ ᠶᠢ ᠪᠠᠲᠤᠯᠠᠨ᠎ᠠ ᠭᠡᠵᠦ ᠢᠯᠡᠳᠬᠡᠪᠡ᠃      ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠣᠯᠤᠨ ᠰᠢᠨ ᠠᠨ ᠪᠠᠯᠭᠠᠰᠤᠨ ᠤ ᠲᠥᠯᠥᠭᠡᠯᠡᠭᠴᠢ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ︽ᠲᠦᠭᠡᠮᠡᠯ ᠬᠠᠶᠢᠷᠠᠲᠤ ᠭᠡᠷ ᠣᠷᠣᠨ︾ ᠤ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤᠨ ᠤ ᠤᠯᠠᠭᠠᠨ ᠵᠠᠭᠠᠯᠮᠠᠢ ᠶᠢᠨ ᠰᠡᠳᠭᠢᠯ ᠬᠤᠯᠪᠣᠬᠤ ᠬᠥᠭᠦᠷᠭᠡ ᠶᠢ ᠲᠤᠰᠠᠯᠠᠨ ᠪᠠᠶᠢᠭᠤᠯᠬᠤ ᠲᠦᠷᠦᠯ ᠵᠦᠢᠯ ᠤᠨ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠪᠠ᠃     ᠤᠯᠠᠭᠠᠨ ᠵᠠᠭᠠᠯᠮᠠᠢ ᠶᠢᠨ ᠰᠡᠳᠭᠢᠯ ᠬᠤᠯᠪᠤᠬᠤ ᠬᠥᠭᠦᠷᠭᠡ ᠶᠢᠨ ︽ᠲᠦᠭᠡᠮᠡᠯ  ᠬᠠᠶᠢᠷᠠᠲᠤ ᠬᠡᠷ ᠣᠷᠣᠨ︾ ᠤ ᠲᠥᠷᠥᠯ  ᠵᠦᠢᠯ ᠪᠣᠯ ᠤᠷᠠᠳ ᠤᠨ ᠡᠮᠦᠨᠡᠲᠦ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠲᠥᠷᠥᠯ  ᠵᠦᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠮᠦᠯᠢᠭ ᠦᠵᠡᠯ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠪᠠᠶᠢᠭ᠎ᠠ ᠶᠠᠪᠤᠳᠠᠯ ᠪᠣᠯᠤᠨ᠎ᠠ᠃ ᠢᠨᠵᠧᠨᠧᠷᠢᠩ ᠳᠤ 16.4757 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠰᠢᠨ ᠠᠨ ᠪᠠᠯᠭᠠᠰᠤᠨ ᠤ ᠰᠢᠨ ᠠᠨ ᠲᠣᠰᠬᠤᠨ ᠳᠤ ᠪᠣᠯᠣᠳ  ᠪᠧᠲ᠋ᠤᠨ ᠬᠠᠪᠲᠠᠰᠤᠲᠤ ᠬᠥᠭᠦᠷᠭᠡ ᠶᠢ ᠰᠢᠨᠡᠳᠬᠡᠨ ᠳᠠᠬᠢᠨ ᠪᠠᠶᠢᠭᠤᠯᠵᠤ᠂ ᠠᠶᠤᠯᠲᠤ ᠬᠥᠭᠦᠷᠭᠡ ᠶᠢᠨ ᠳᠠᠯᠳᠠ ᠬᠡᠮ ᠢ ᠰᠢᠢᠳᠪᠦᠷᠢᠯᠡᠨ᠂ ᠲᠤᠬᠠᠶ ᠶᠢᠨ ᠭᠠᠵᠠᠷ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ