ᠮᠠᠨ ᠤ ᠬᠤᠰᠢᠭᠤ 2023 ᠣᠨ ᠤ ᠨᠡᠶᠢᠭᠡᠮ ᠲᠣᠭᠤᠷᠢᠭ ᠤᠨ ᠰᠢᠯᠢᠳᠡᠭ  ᠲᠣᠭᠯᠠᠯᠲᠠ ᠶᠢᠨ ᠦᠵᠡᠭᠦᠯᠦᠯᠭᠡ ᠭᠠᠷᠭᠠᠵᠤ ᠤᠯᠤᠰ ᠤᠨ ᠪᠠᠶᠠᠷ ᠢ ᠣᠭᠲᠣᠪᠠ
ᠨᠡᠶᠢᠲᠡᠯᠡᠭᠰᠡᠨ ᠴᠠᠭ᠄
2023/9/28
     9 ᠰᠠᠷ᠎ᠠ ᠶᠢᠨ 27 ᠤ ᠡᠳᠦᠷ᠂ ᠮᠠᠨ ᠤ ᠬᠤᠰᠢᠭᠤ ︽ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠡᠭᠦᠳᠴᠦ ᠬᠦᠰᠡᠯ ᠵᠡᠭᠦᠳᠦ ᠪᠠᠨ ᠬᠠᠮᠲᠤ ᠪᠠᠷ ᠳᠡᠷᠭᠡᠯᠰᠢᠭᠦᠯᠦᠶ᠎ᠡ︾ ᠭᠡᠬᠦ ᠰᠢᠯᠢᠳᠡᠭ ᠲᠣᠭᠯᠠᠯᠲᠠ ᠶᠢᠨ ᠦᠵᠡᠭᠦᠯᠦᠯᠭᠡ ᠭᠠᠷᠭᠠᠵᠤ᠂ ᠤᠯᠤᠰ ᠤᠨ ᠪᠠᠶᠠᠷ ᠢ ᠬᠠᠮᠲᠤ ᠳᠤ ᠪᠠᠨ ᠣᠭᠲᠤᠭᠰᠠᠨ ᠪᠠᠶᠢᠨ᠎ᠠ᠃     ᠲᠣᠭᠯᠠᠯᠲᠠ ᠨᠢ ᠬᠤᠰᠢᠭᠤᠨ ᠤ ᠰᠣᠶᠣᠯ ᠤᠨ ᠣᠷᠳᠣᠨ ᠤ ︽ᠪᠢ ᠡᠬᠡ ᠤᠯᠤᠰ ᠲᠤ ᠪᠠᠨ ᠬᠠᠶᠢᠷᠠᠲᠠᠢ︾ ᠭᠡᠬᠦ ᠬᠠᠮᠲᠤ ᠶᠢᠨ ᠲᠣᠭᠯᠠᠯᠲᠠ ᠳᠤ ᠬᠥᠰᠢᠭᠡ ᠪᠠᠨ ᠢᠷᠠᠵᠤ᠂ ᠳᠠᠷᠠᠭ᠎ᠠ ᠨᠢ ᠡᠯ᠎ᠡ ᠨᠡᠶᠢᠭᠡᠮ ᠲᠣᠭᠤᠷᠢᠭ ᠤᠨ ᠬᠢ ᠠᠴᠠ ︽ᠦᠵᠡᠰᠬᠦᠯᠡᠩᠲᠦ ᠰᠠᠶᠢᠬᠠᠨ ᠮᠢᠨᠤ ᠨᠤᠲᠤᠭ︾᠂ ︽ᠬᠡᠷᠡᠯᠳᠦ ᠵᠠᠮ ᠳᠡᠭᠡᠷ᠎ᠡ︾ ᠵᠡᠷᠭᠡ ᠠᠶ᠎ᠠ ᠳᠠᠭᠤᠤ ᠤᠷᠠᠨ ᠪᠦᠵᠢᠭ ᠤᠨ ᠲᠣᠭᠯᠠᠯᠲᠠ ᠪᠠᠨ ᠡᠷᠭᠦᠵᠦ᠂ ᠰᠠᠶᠢᠨ ᠰᠠᠶᠢᠬᠠᠨ ᠠᠮᠢᠳᠤᠷᠠᠯ ᠢᠶᠠᠨ ᠮᠠᠭᠲᠠᠨ ᠳᠠᠭᠤᠯᠠᠵᠤ᠂ ᠨᠠᠮ ᠪᠠ ᠤᠯᠤᠰ ᠲᠤ ᠪᠠᠨ ᠬᠠᠶᠢᠷᠠᠲᠠᠢ ᠪᠠᠶᠢᠬᠤ ᠰᠡᠳᠬᠢᠯᠭᠡ ᠪᠠᠨ ᠢᠯᠡᠳᠬᠡᠭᠰᠡᠨ ᠪᠠᠶᠢᠨ᠎ᠠ᠃     ᠲᠣᠰ ᠤᠳᠠᠭᠠᠨ ᠤ ᠬᠥᠳᠡᠯᠭᠡᠭᠡᠨ ᠢ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠳᠢᠰ ᠤᠨ ᠲᠣᠪᠴᠢᠶᠠᠨ ᠠᠴᠠ ᠭᠤᠣᠯᠯᠠᠨ ᠡᠷᠭᠢᠯᠡᠵᠦ᠂ ᠰᠣᠨᠣᠯ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ