ᠬᠢᠮᠢ ᠶᠢᠨ ᠭᠡᠵᠢᠭᠡᠨ ᠪᠤᠳᠤᠭ ᠲᠠᠢ ᠬᠠᠷᠢᠴᠠᠭᠤᠯᠪᠠᠯ᠂ ᠤᠷᠭᠤᠮᠠᠯ ᠤᠨ ᠭᠡᠵᠢᠭᠡᠨ ᠪᠤᠳᠤᠭ ᠨᠡᠯᠢᠶᠡᠳ ᠠᠮᠤᠷ ᠲᠦᠪᠰᠢᠨ ᠶᠤᠮ᠂ ᠲᠡᠷᠡ ᠨᠢ | ᠭᠤᠣᠯᠳᠠᠭᠤ ᠪᠠᠶᠢᠭᠠᠯᠢ ᠶᠢᠨ ᠪᠦᠲᠦᠭᠡᠭᠳᠡᠬᠦᠨ ᠪᠣᠯᠤᠨ᠎ᠠ᠃ ᠬᠢᠮᠢ ᠶᠢᠨ ᠭᠡᠵᠢᠭᠡᠨ ᠪᠤᠳᠤᠭ ᠲᠤ ᠪᠦᠷ ᠨᠢᠭᠡ ᠵᠦᠢᠯ ᠤᠨ ᠬᠢᠮᠢ ᠶᠢᠨ ᠪᠣᠳᠠᠰ — ᠡᠰᠡᠷᠬᠦ | ᠪᠧᠨ᠋ᠽᠧᠨ ᠤ ᠬᠤᠶᠠᠷᠴᠢ ᠠᠮᠢᠨ ︵对苯二胺︶ ᠠᠭᠤᠯᠳᠠᠭ᠃ 2017 ᠣᠨ ᠤ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ | ᠪᠠᠶᠢᠭᠤᠯᠤᠯᠲᠠ ᠶᠢᠨ ᠣᠯᠠᠨ ᠤᠯᠤᠰ ᠤᠨ ᠥᠮᠡᠨ ᠡᠪᠡᠳᠴᠢᠨ ᠤ ᠰᠤᠳᠤᠯᠭᠠᠨ ᠤ ᠪᠠᠶᠢᠭᠤᠯᠤᠮᠵᠢ ᠶᠢᠨ ᠨᠡᠶᠢᠲᠡᠯᠡᠭᠰᠡᠨ ᠥᠮᠡᠨ ᠡᠭᠦᠰᠭᠡᠬᠦ ᠪᠣᠳᠠᠰ ᠤᠨ | ᠲᠣᠳᠣᠷᠬᠠᠶ ᠪᠠᠶᠢᠴᠠᠭᠠᠯᠳᠠ ᠶᠢ ᠦᠨᠳᠦᠰᠦᠯᠡᠪᠡᠯ᠂ ᠡᠨᠡᠬᠦ ᠬᠢᠮᠢ ᠶᠢᠨ ᠪᠣᠳᠠᠰ — ᠡᠰᠡᠷᠬᠦ ᠪᠧᠨ᠋ᠽᠧᠨ ᠤ ᠬᠤᠶᠠᠷᠴᠢ ᠠᠮᠢᠨ ᠨᠢ ᠭᠤᠷᠪᠠᠳᠤᠭᠠᠷ ᠲᠥᠷᠥᠯ ᠤᠨ | ᠥᠮᠡᠨ ᠡᠭᠦᠰᠭᠡᠭᠴᠢ ᠪᠣᠳᠠᠰ ᠮᠥᠨ᠂ ᠲᠤᠬᠠᠶᠢᠯᠠᠪᠠᠯ ᠣᠷᠳᠣ ᠬᠤᠭᠤᠴᠠᠭ᠎ᠠ ᠪᠠᠷ ᠣᠶᠢᠷᠠᠲᠤᠪᠠᠯ ᠥᠮᠡᠨ ᠡᠭᠦᠰᠭᠡᠬᠦ ᠲᠦᠭᠰᠢᠭᠦᠷᠢ ᠲᠠᠢ᠃ ᠬᠠᠶᠠ ᠦᠰᠦ | ᠪᠤᠳᠤᠬᠤ ᠳᠤ ᠥᠮᠡᠨ ᠡᠭᠦᠰᠭᠡᠬᠦ ᠥᠬᠡᠶ᠂ ᠭᠡᠪᠡᠴᠦ ᠬᠤᠶᠢᠬ᠎ᠠ ᠮᠠᠭᠤᠲᠠᠢ ᠬᠥᠮᠦᠰ ᠭᠡᠵᠢᠭᠡ ᠪᠠᠨ ᠪᠤᠳᠤᠬᠤ ᠦᠶ᠎ᠡ ᠳᠤ ᠬᠠᠷᠰᠢᠬᠤ ᠦᠵᠡᠭᠳᠡᠯ ᠭᠠᠷᠴᠤ | ᠮᠡᠳᠡᠨ᠎ᠡ᠃ | ᠭᠡᠵᠢᠭᠡ ᠪᠣᠳᠣᠬᠤ ᠨᠢ ᠦᠨᠡᠬᠡᠷ ᠭᠡᠵᠢᠭᠡ ᠤᠨᠠᠬᠤ ᠠᠶᠤᠯ ᠢ ᠨᠡᠮᠡᠭᠳᠡᠭᠦᠯᠦᠨ᠎ᠡ᠃ ᠦᠰᠦ ᠪᠤᠳᠤᠬᠤ ᠡᠳ᠋ ᠲᠠᠬᠢ ᠬᠢᠮᠢ ᠶᠢᠨ ᠪᠣᠳᠠᠰ ᠨᠢ ᠨᠡᠯᠢᠶᠡᠳ | ᠴᠢᠩᠭ᠎ᠠ ᠰᠡᠲᠦᠯᠲᠡ ᠶᠢᠨ ᠴᠢᠨᠠᠷᠲᠠᠶ᠂ ᠳᠠᠬᠢᠨ ᠳᠠᠪᠲᠠᠨ ᠦᠰᠦ ᠪᠤᠳᠤᠬᠤ ᠨᠢ ᠬᠤᠶᠢᠬ᠎ᠠ ᠪᠠ ᠦᠰᠦᠨ ᠰᠦᠪᠡ ᠶᠢᠨ ᠦᠷᠪᠢᠰᠦᠯ ᠢ ᠡᠭᠦᠰᠭᠡᠵᠦ ᠮᠡᠳᠡᠨ᠎ᠡ᠂ | ᠤᠳᠠᠭᠠᠨ ᠳᠠᠭᠠᠨ ᠦᠰᠦᠨ ᠰᠦᠪᠡ ᠬᠵᠠᠭᠠᠭᠳᠠᠵᠤ᠂ ᠦᠰᠦ ᠨᠠᠷᠢᠰᠴᠤ᠂ ᠦᠰᠦ ᠤᠨᠠᠬᠤ ᠲᠦᠭᠰᠢᠭᠦᠷᠢ ᠶᠢ ᠨᠡᠮᠡᠭᠳᠡᠭᠦᠯᠦᠨ᠎ᠡ᠃ | ᠪᠠᠶᠢᠩᠭᠤ ᠶᠢᠨ ᠴᠢᠨᠠᠷᠲᠠᠶ ᠭᠡᠵᠢᠭᠡᠨ ᠪᠤᠳᠤᠭ ᠢ ᠬᠡᠷᠡᠭᠯᠡᠬᠦ ᠳᠤ᠂ ᠬᠢᠮᠢ ᠶᠢᠨ ᠪᠣᠳᠠᠰ ᠨᠢ ᠦᠰᠦᠨ ᠤ ᠡᠪᠡᠷᠯᠢᠭ ᠳᠠᠪᠬᠤᠷᠭ᠎ᠠ ᠶᠢ ᠨᠡᠭᠡᠭᠡᠳᠡᠭ᠂ ᠭᠡᠬᠦ ᠳᠤ | ᠡᠪᠡᠷᠯᠢᠭ ᠳᠠᠪᠬᠤᠷᠭ᠎ᠠ ᠨᠢ ᠬᠠᠷᠢᠨ ᠭᠡᠵᠢᠭᠡᠨ ᠤ ᠲᠦᠷᠦᠯᠬᠢ ᠬᠠᠮᠠᠭᠠᠯᠠᠯᠲᠠ ᠶᠢᠨ ᠳᠠᠪᠬᠤᠷᠭ᠎ᠠ ᠪᠤᠯᠤᠨ᠎ᠠ᠂ ᠲᠡᠭᠦᠨ ᠤ ᠡᠪᠳᠡᠭᠳᠡᠯ ᠨᠢ ᠦᠰᠦᠨ ᠤ ᠡᠳ᠋ ᠲᠤ | ᠮᠠᠰᠢ ᠶᠡᠭᠡ ᠬᠤᠬᠢᠷᠠᠯ ᠤᠴᠠᠷᠠᠭᠤᠯᠳᠠᠭ᠃ ᠪᠤᠳᠤᠭᠳᠠᠮᠠᠬᠠᠶ ᠡᠳ᠋ ᠳᠣᠲᠣᠷᠠᠬᠢ ᠹᠧᠨᠢᠯ ᠤᠨ ᠲᠥᠷᠥᠯ ᠤᠨ ᠣᠷᠭᠠᠨᠢᠭ ᠪᠣᠳᠠᠰ ᠨᠢ ᠲᠣᠯᠣᠭᠠᠶ ᠶᠢᠨ | ᠬᠤᠶᠢᠬ᠎ᠠ ᠪᠠᠷ ᠳᠡᠮᠵᠢᠨ ᠬᠥᠮᠦᠨ ᠤ ᠪᠡᠶ᠎ᠡ ᠳᠤ ᠣᠷᠣᠵᠤ᠂ ᠴᠢᠰᠤ ᠪᠦᠲᠦᠭᠡᠬᠦ ᠭᠤᠤᠯ ᠡᠰ ᠲᠤ ᠬᠤᠬᠢᠷᠠᠯ ᠤᠴᠠᠷᠠᠭᠤᠯᠵᠤ᠂ ᠴᠢᠰᠤᠨ ᠤ ᠰᠢᠰᠲ᠋ᠧᠮ ᠤᠨ | ᠡᠪᠡᠳᠴᠢᠨ ᠢ ᠡᠭᠦᠰᠭᠡᠵᠦ ᠮᠡᠳᠡᠨ᠎ᠡ᠃ | ᠶᠠᠮᠠᠷ ᠬᠥᠮᠦᠰ ᠦᠰᠦ ᠪᠤᠳᠤᠬᠤ ᠳᠤ ᠲᠣᠬᠢᠷᠠᠬᠤ ᠦᠭᠡᠢ ᠪᠣᠢ︖ ᠲᠣᠯᠣᠭᠠᠢ ᠶᠢᠨ ᠬᠤᠶᠢᠬ᠎ᠠ ᠪᠠ ᠠᠷᠠᠰᠤ ᠬᠦᠷᠦᠰᠤ ᠨᠢ ᠬᠠᠷᠰᠢᠮᠲᠤᠭᠠᠢ ᠬᠥᠮᠦᠰ᠂ | ᠠᠷᠠᠰᠤ ᠨᠢ ᠭᠡᠮᠲᠦᠭᠰᠡᠳ᠂ ᠵᠢᠷᠮᠦᠰᠦᠨ ᠡᠮᠡᠭᠲᠡᠢ ᠪᠠ ᠬᠥᠬᠦᠭᠦᠯ ᠡᠮᠡᠭᠲᠡᠶᠢᠴᠦᠳ᠂ ᠨᠠᠰᠤᠲᠠᠶᠢᠴᠤᠳ ᠪᠠ ᠡᠯᠢᠭᠡ ᠪᠥᠭᠡᠷ᠎ᠡ ᠮᠠᠭᠤᠲᠠᠢ ᠬᠥᠮᠦᠰ ᠦᠰᠦ | ᠪᠤᠳᠤᠬᠤ ᠳᠤ ᠲᠣᠬᠢᠷᠠᠬᠤ ᠦᠭᠡᠢ᠃ | |