ᠤᠷᠠᠳ ᠤᠨ ᠡᠮᠦᠨᠡᠲᠦ ᠬᠤᠰᠢᠭᠤᠨ ᠤ 2023 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/9/7
     8 ᠰᠠᠷ᠎ᠠ ᠶᠢᠨ 31 ᠤ ᠡᠳᠦᠷ᠂ ︽ᠠᠴᠢ ᠡᠨᠡᠷᠢᠯ ᠳᠤ ᠲᠠᠯᠠᠷᠬᠠᠨ ᠨᠠᠮ ᠢᠶᠠᠨ ᠳᠠᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠠᠯ᠎ᠠ ᠪᠠᠷ ᠵᠢᠱᠢᠶ᠎ᠡ ᠦᠵᠡᠭᠦᠯᠬᠦ︾ ᠪᠠᠷ ᠭᠤᠤᠯ ᠰᠡᠳᠦᠪ ᠪᠣᠯᠭᠠᠭᠰᠠᠨ ᠪᠥᠬᠦ ᠬᠤᠰᠢᠭᠤᠨ ᠤ 2023 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠯᠢᠨ ᠬᠠᠶ ᠴᠡᠴᠡᠷᠯᠢᠭ ᠲᠤ ᠶᠠᠪᠤᠭᠳᠠᠪᠠ᠃  

民族1.jpg

     ᠡᠬᠢᠯᠡᠯᠲᠡ ᠶᠢᠨ ᠶᠣᠰᠣᠯᠠᠯ ᠢ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ ᠬᠡᠷᠡᠭ

ᠡᠷᠭᠢᠯᠡᠬᠦ ᠵᠥᠪᠯᠡᠯ ᠤᠨ ᠡᠷᠬᠢᠯᠡᠭᠴᠢ ᠵᠠᠶᠠᠭ᠎ᠠ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ

ᠬᠤᠷᠢᠶᠠᠨ ᠤ ᠱᠦᠵᠢ ᠴᠢᠨ ᠬᠤᠸᠠᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ

ᠷᠧᠨ ᠶᠢᠨ ᠮᠢᠩ᠂  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠤᠷᠢᠬᠠᠨ᠂ 

ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠶᠤᠸᠠᠢ ᠶᠢᠩ ᠵᠢᠴᠢ ᠰᠤᠷᠭᠠᠨ ᠬᠥᠮᠦᠵᠢᠯ ᠤᠨ ᠲᠣᠪᠴᠢᠶ᠎ᠠ᠂ ᠵᠠᠰᠠᠭ ᠤᠨ

ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯᠤᠨ ᠮᠤᠨᠠ ᠠᠭᠤᠯᠠ ᠪᠠᠯᠭᠠᠰᠤᠨ ᠤ ᠭᠤᠤᠯ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃

ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠷᠧᠨ ᠶᠢᠨ ᠮᠢᠩ ᠳᠠᠶᠢᠴᠢᠯᠠᠯᠲᠠ ᠶᠢᠨ

ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠨ ᠬᠤᠸᠠᠢ

︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠬᠤᠰᠢᠭᠤᠨ ᠤ ᠬᠠᠷᠢᠶ᠎ᠠ ᠪᠠ

ᠬᠤᠰᠢᠭᠤᠨ ᠳᠤ ᠰᠠᠭᠤᠭ᠎ᠠ 40 ᠭᠠᠷᠤᠶ ᠪᠠᠶᠢᠭᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃

民族2.jpg

      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠤᠷᠠᠳ ᠤᠨ ᠡᠮᠦᠨᠡᠲᠦ ᠬᠤᠰᠢᠭᠤᠨ ᠤ ︽ᠤᠯᠠᠭᠠᠨ

ᠠᠨᠠᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠳᠤ ᠲᠤᠭ ᠣᠯᠭᠤᠭᠰᠠᠨ ᠪᠥᠭᠡᠳ ᠤᠷᠠᠳ ᠤᠨ ᠡᠮᠦᠨᠡᠲᠦ ᠬᠤᠰᠢᠭᠤᠨ ᠤ ᠭᠠᠶᠢᠯᠢ ᠶᠢᠨ

ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂

ᠭᠤᠷᠪᠠᠳᠤᠭᠠᠷ ᠳᠤᠮᠳᠠᠳᠤ ᠰᠤᠷᠭᠠᠭᠤᠯᠢ ᠵᠡᠷᠭᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠳᠤ ︽ᠦᠷ᠎ᠡ ᠪᠠᠷ

ᠬᠦᠷᠢᠶᠡᠯᠡᠵᠦ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ ᠤᠷᠠᠨ ᠪᠢᠴᠢᠯᠭᠡ ᠶᠢᠨ ᠪᠦᠲᠦᠭᠡᠯ ᠪᠡᠯᠡᠭᠯᠡᠪᠡ᠃

     ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ

ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ ᠭᠡᠪᠡ᠃ ᠤᠷᠠᠳ ᠤᠨ ᠡᠮᠦᠨᠡᠲᠦ ᠬᠤᠰᠢᠭᠤᠨ ᠤ ᠡᠯ᠎ᠡ

ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ

ᠴᠢᠬᠤᠯᠠ ᠦᠵᠡᠯ ᠰᠠᠨᠠᠭ᠎ᠠ᠂  ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ  ᠪᠠᠶᠢᠴᠠᠭᠠᠭᠰᠠᠨ᠂ ᠪᠠᠶᠠᠨᠨᠠᠭᠤᠷ ᠲᠤ ᠰᠢᠨᠵᠢᠯᠡᠨ

ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂

︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢ

ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ

ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭᠠᠨ ᠤ ᠪᠣᠳᠠᠲᠠᠶ ᠠᠷᠭ᠎ᠠ ᠬᠡᠮᠵᠢᠶ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ

ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠦᠲᠦᠮᠵᠢᠲᠡᠶ ᠠᠷᠭ᠎ᠠ ᠵᠠᠮ ᠪᠣᠯᠤᠭᠰᠠᠨ ᠤ ᠬᠤᠪᠢ ᠳᠤ᠂ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠶᠡᠬᠡᠪᠡᠷ  ᠭᠦᠨᠵᠡᠭᠡᠶᠢᠷᠠᠭᠦᠯᠵᠦ᠂ ︽ᠦᠷ᠎ᠡ ᠪᠠᠷ ᠬᠦᠷᠢᠶᠡᠯᠡᠵᠦ ᠰᠡᠳᠬᠢᠯ ᠨᠢᠭᠡᠳᠦᠨ ᠬᠦᠰᠡᠯ

ᠵᠡᠭᠦᠳᠦ ᠪᠠᠨ ᠲᠡᠷᠭᠡᠯᠰᠢᠭᠦᠯᠬᠦ︾ ᠭᠤᠤᠯ ᠰᠡᠳᠦᠪᠲᠦ ︽ᠠᠷᠪᠠᠨ ᠨᠢᠭᠡ︾ ᠢᠨᠵᠧᠨᠧᠷᠢᠩ ᠢ ᠦᠷᠭᠦᠯᠵᠢᠯᠡᠨ  ᠠᠬᠢᠭᠤᠯᠵᠤ᠂ ᠪᠦᠬᠦ ᠬᠤᠰᠢᠭᠤᠨ ᠤ

ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠭᠤᠤ ᠶᠡᠭᠡ ᠡᠬᠡ ᠤᠯᠤᠰ ᠂  ᠳᠤᠮᠳᠠᠳᠤ ᠶᠢᠨ

ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ 

 ᠤᠨ  ᠵᠦᠪᠰᠢᠶᠡᠷᠡᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ ᠃

民族3.jpg

民族4.jpg

      ᠡᠬᠢᠯᠡᠯᠲᠡ ᠶᠢᠨ ᠶᠣᠰᠣᠯᠠᠯ ᠳᠡᠭᠡᠷ᠎ᠡ᠂ ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠭᠤᠶᠢᠳᠠ ᠰᠠᠶᠢᠬᠠᠨ ᠤᠷᠠᠨ ᠰᠠᠶᠢᠬᠠᠨ ᠤ

ᠲᠣᠭᠯᠠᠯᠲᠠ ᠭᠠᠷᠭᠠᠪᠠ᠃ ᠲᠤᠬᠠᠢ ᠶᠢᠨ ᠲᠠᠯᠠᠪᠠᠢ ᠳᠤ ᠠᠯᠪᠠᠨ ᠵᠢᠷᠤᠮ ᠤᠨ ᠡᠮᠴᠢᠯᠡᠭᠡ᠂ ᠬᠠᠶᠢᠷ᠎ᠠ ᠰᠡᠳᠭᠢᠯᠲᠦ ᠦᠰᠦ ᠵᠠᠰᠠᠬᠤ ᠵᠡᠷᠭᠡ ᠠᠵᠢᠯᠯᠠᠭ᠎ᠠ

ᠥᠷᠨᠢᠭᠦᠯᠵᠦ᠂ ᠠᠵᠢᠯᠲᠠᠳ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠳᠤ ᠨᠡᠶᠢᠳᠡ 1000 ᠭᠠᠷᠤᠢ ᠳᠡᠪᠲᠡᠷ᠂ 200 ᠭᠠᠷᠤᠢ ᠬᠤᠪᠢ

ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ

ᠬᠠᠤᠯᠢ ᠲᠣᠭᠲᠠᠭᠠᠯ ᠢ ᠭᠦᠨᠵᠡᠭᠡᠶ ᠤᠬᠠᠭᠤᠯᠬᠤ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠥᠷᠥ ᠶᠢᠨ ᠪᠣᠳᠣᠯᠭ᠎ᠠ ᠬᠠᠤᠯᠢ

ᠲᠣᠭᠲᠠᠭᠠᠯ ᠢ ᠲᠠᠷᠢᠬᠢ ᠲᠣᠯᠣᠭᠠᠶ ᠳᠠᠭᠠᠨ ᠬᠠᠳᠠᠩᠰᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ

ᠮᠡᠳᠡᠬᠦ ᠨᠣᠷᠮ᠎ᠠ᠂ ᠳᠡᠮᠵᠢᠬᠦ ᠨᠣᠷᠮ᠎ᠠ ᠪᠠ ᠣᠷᠣᠯᠴᠠᠬᠤ ᠨᠣᠷᠮ᠎ᠠ ᠶᠢ ᠲᠠᠰᠤᠷᠠᠯᠲᠠ ᠥᠬᠡᠶ  ᠳᠡᠭᠡᠭᠰᠢᠯᠡᠭᠦᠯᠪᠡ᠃

民族5.jpg

民族6.jpg

民族7.jpg

      ᠬᠥᠳᠡᠯᠭᠡᠭᠡᠨ ᠤ ᠰᠠᠷ᠎ᠠ ᠶᠢᠨ  ᠬᠤᠭᠤᠴᠠᠭᠠᠨ ᠳᠤ᠂ ᠪᠦᠬᠦ ᠬᠤᠰᠢᠭᠤ ᠪᠠᠷ ᠢᠶᠠᠨ ᠳᠡᠰ ᠳᠠᠪᠬᠤᠷᠭ᠎ᠠ  ᠬᠤᠪᠢᠶᠠᠨ᠂ ᠬᠦᠷᠢᠶ᠎ᠡ  ᠬᠤᠪᠢᠶᠠᠵᠤ᠂

ᠠᠬᠢᠭᠤᠯᠬᠤ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠷᠭᠠᠭᠤᠯᠢ᠂ ᠰᠤᠮᠤ ᠪᠠᠯᠭᠠᠰᠤ ᠵᠡᠷᠭᠡ ᠨᠢ ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ  ᠦᠷᠨᠢᠭᠦᠯᠦᠨ᠂ ᠠᠯᠢ ᠣᠯᠠᠨ ᠬᠡᠯᠪᠡᠷᠢ ᠪᠠᠷ ᠳᠠᠮᠵᠢᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ︽ᠠᠵᠢᠯᠯᠠᠭ᠎ᠠ ᠶᠢᠨ ᠰᠠᠷ᠎ᠠ︾ ᠶᠢᠨ ᠪᠦᠬᠦ ᠶᠠᠪᠤᠴᠠ ᠡᠯ᠎ᠡ ᠲᠠᠯ᠎ᠠ ᠳᠤ  ᠰᠢᠭᠡᠳᠭᠡᠵᠦ᠂ ᠡᠯ᠎ᠡ

ᠵᠦᠢᠯ ᠤᠨ ᠠᠵᠢᠯᠯᠠᠭ᠎ᠠ ᠶᠢᠨ ᠥᠷᠨᠢᠯᠲᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ  ᠠᠬᠢᠭᠤᠯᠵᠤ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠶᠢ

ᠳᠡᠭᠡᠭᠰᠢᠯᠡᠭᠦᠯᠦᠨ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠦᠷᠭᠡᠳᠬᠡᠵᠦ᠂ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ

ᠵᠢᠱᠢᠶ᠎ᠡ ᠦᠵᠡᠭᠦᠯᠬᠦ ᠬᠤᠰᠢᠭᠤ︾ ᠶᠢ ᠴᠢᠷᠮᠠᠶᠢᠨ ᠪᠠᠶᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠂

ᠦᠨᠳᠦᠰᠦᠲᠡᠨ ᠨᠦᠭᠦᠳ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠤᠨ᠂

ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠪᠥᠬᠦ ᠲᠠᠯ᠎ᠠ ᠪᠠᠷ ᠵᠢᠱᠢᠶᠡᠴᠢ ᠥᠪᠡᠷᠲᠡᠭᠡᠨ

ᠵᠠᠰᠠᠬᠤ ᠣᠷᠣᠨ  ᠢ ᠪᠥᠲᠥᠭᠡᠨ ᠪᠠᠶᠢᠭᠤᠯᠬᠤ ᠶᠢᠨ ᠲᠥᠯᠥᠭᠡ ᠣᠶᠤᠨ ᠰᠠᠨᠠᠭᠠᠨ ᠤ ᠬᠦᠴᠦᠨ ᠴᠢᠳᠠᠯ ᠢ  ᠨᠢᠭᠲᠠᠷᠠᠭᠤᠯᠤᠨ᠎ᠠ᠃ 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ