ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ | ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ | ᠨᠢᠭᠡᠳᠦᠯᠲᠡᠢ ᠲᠥᠯᠥᠪᠯᠡᠭᠰᠡᠨ᠂ ᠡᠷᠬᠡ ᠲᠡᠭᠰᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠭᠰᠡᠨ ᠤᠯᠠᠨ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠶᠢᠨ ᠲᠥᠯᠥᠭᠡ ᠶᠤᠮ᠃ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ | ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ︵ᠡᠮᠴᠢᠯᠡᠭᠡ ᠪᠠᠲᠤᠯᠠᠭ᠎ᠠ ᠲᠠᠷᠬᠠᠭᠠᠭᠰᠠᠨ | ︹2023︺ 24 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ ᠬᠠᠮᠲᠤᠷᠠᠨ ︽2023 ᠣᠨ ᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ | ᠡᠮᠴᠢᠯᠡᠭᠡ ᠪᠠᠲᠤᠯᠠᠭ᠎ᠠ ᠲᠠᠷᠬᠠᠭᠠᠭᠰᠠᠨ ︹2023︺ 18 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄ | ᠨᠢᠭᠡ᠂ 2023 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ | ᠬᠠᠷᠠᠭᠠᠯᠵᠠᠯ ᠢ ᠪᠠᠲᠤᠯᠠᠬᠤ ᠠᠵᠢᠯ ᠤᠨ ᠪᠣᠳᠠᠲᠠᠢ ᠲᠣᠬᠢᠷᠠᠭᠤᠯᠤᠯᠲᠠ ᠨᠢ ᠶᠠᠭᠤ ᠪᠤᠢ︖ | ᠪᠡᠯᠡ ᠴᠤᠭᠯᠠᠭᠤᠯᠬᠤ ᠪᠠᠷᠢᠮᠵᠢᠶ᠎ᠠ ᠶᠢᠨ ᠲᠠᠯ᠎ᠠ ᠪᠠᠷ᠂ ︽ᠮᠡᠳᠡᠭᠳᠡᠯ︾ ᠳᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠳᠠᠭᠠᠳᠬᠠᠯ ᠳᠤ | ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠶᠢ ᠨᠢᠭᠡᠳᠦᠯᠲᠡᠢ ᠪᠣᠳᠣᠯᠬᠢᠯᠠᠵᠤ᠂ ᠳᠠᠭᠠᠳᠬᠠᠯ ᠳᠤ ᠣᠷᠣᠯᠴᠠᠭᠰᠠᠳ ᠤᠨ | ᠡᠮᠴᠢᠯᠡᠭᠡᠨ ᠤ ᠳᠠᠭᠠᠳᠬᠠᠯ ᠤᠨ ᠡᠷᠬᠡ ᠠᠰᠢᠭ ᠢ ᠬᠠᠮᠠᠭᠠᠯᠠᠨ᠎ᠠ᠃ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ᠳᠠᠬᠢ ︽2023 ᠣᠨ ᠤ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ 1020 ᠲᠥᠭᠦᠷᠢᠭ ᠪᠣᠯᠭᠠᠵᠤ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠶᠢ ᠬᠥᠮᠥᠨ ᠪᠦᠷᠢ ᠵᠢᠯ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠤᠪᠢ ᠬᠥᠮᠥᠨ ᠤ ᠰᠦᠢᠳᠬᠡᠯ | ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ 380 ᠲᠥᠭᠦᠷᠢᠭ ᠲᠤ ᠬᠦᠷᠭᠡᠬᠦ︾ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ 2023 | ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ︵ᠳᠣᠷᠣᠭᠰᠢ ︽ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ︾ ᠭᠡᠵᠦ ᠲᠣᠪᠴᠢᠯᠠᠨ᠎ᠠ︶ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ 1020 | ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 30 | ᠲᠥᠭᠦᠷᠢᠭ ᠨᠡᠮᠡᠭᠳᠡᠭᠦᠯᠵᠦ᠂ ᠬᠥᠮᠥᠨ ᠪᠦᠷᠢ ᠵᠢᠯ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠤᠪᠢ ᠬᠥᠮᠥᠨ ᠤ ᠰᠦᠢᠳᠬᠡᠯ | ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ 380 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠭᠡᠵᠦ ᠲᠣᠳᠣᠷᠬᠠᠢ ᠲᠣᠭᠲᠠᠭᠠᠪᠠ᠃ ᠡᠭᠦᠨ ᠤ | ᠬᠠᠮᠲᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ | ᠳᠠᠭᠠᠳᠬᠠᠯ ᠤᠨ ᠪᠣᠳᠠᠲᠠᠢ ᠪᠡᠯᠡ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠬᠥᠳᠡᠯᠦᠩᠭᠦᠢ ᠪᠠᠷ ᠲᠣᠬᠢᠷᠠᠭᠤᠯᠬᠤ ᠬᠡᠷᠡᠭᠲᠡᠢ ᠭᠡᠵᠦ | ᠱᠠᠭᠠᠷᠳᠠᠪᠠ᠃ ᠬᠠᠷᠠᠭᠠᠯᠵᠠᠯ ᠤᠨ ᠪᠠᠲᠤᠯᠠᠭ᠎ᠠ ᠶᠢᠨ ᠲᠠᠯ᠎ᠠ ᠪᠠᠷ᠂ ︽ᠮᠡᠳᠡᠭᠳᠡᠯ︾ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ | ᠲᠣᠳᠣᠷᠬᠠᠢ ᠬᠠᠭᠤᠳᠠᠰᠤ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠦᠷᠢᠮ ᠢ ᠵᠢᠷᠤᠮᠵᠢᠭᠤᠨ ᠪᠥᠭᠡᠳ ᠨᠢᠭᠡᠳᠦᠯᠲᠡᠢ ᠪᠠᠶᠢᠯᠭᠠᠬᠤ᠂ | ᠬᠠᠷᠠᠭᠠᠯᠵᠠᠯ ᠤᠨ ᠪᠠᠲᠤᠯᠠᠭ᠎ᠠ ᠶᠢ ᠲᠡᠩᠴᠡᠭᠦᠯᠬᠦ ᠶᠢ ᠪᠠᠷᠢᠮᠲᠠᠯᠠᠨ᠂ ᠭᠤᠥᠯᠴᠢ ᠪᠠᠲᠤᠯᠠᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠳᠤ | ᠭᠤᠣᠯᠳᠠᠭᠤ ᠭᠤᠷᠪᠠᠨ ᠲᠠᠯ᠎ᠠ ᠪᠠᠭᠲᠠᠨ᠎ᠠ᠂ ᠨᠢᠭᠡ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ ᠰᠠᠭᠤᠬᠤ ᠬᠠᠷᠠᠭᠠᠯᠵᠠᠯ ᠤᠨ | ᠲᠦᠪᠰᠢᠨ ᠢ ᠪᠠᠬᠢᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠰᠠᠭᠤᠷᠢ ᠮᠥᠩᠭᠦ ᠶᠢᠨ ᠲᠥᠯᠥᠬᠦ ᠬᠠᠷᠢᠴᠠᠯ ᠢ 70% ᠣᠷᠴᠢᠮ ᠳᠤ | ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠡᠭᠦᠳᠡᠨ ᠡᠮᠨᠡᠯᠭᠡ ᠶᠢᠨ ᠪᠠᠲᠤᠯᠠᠪᠤᠷᠢ ᠶᠢᠨ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠦᠷᠢᠮ ᠢ ᠪᠥᠬᠦ ᠲᠠᠯ᠎ᠠ ᠪᠠᠷ ᠥᠷᠨᠢᠭᠦᠯᠵᠦ᠂ ᠨᠥᠬᠦᠴᠡᠯ ᠲᠠᠢ ᠭᠠᠵᠠᠷ | ᠣᠷᠣᠨ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠣᠨ ᠤ ᠰᠢᠨ᠎ᠡ ᠪᠠᠷ ᠨᠡᠮᠡᠭᠳᠡᠭᠰᠡᠨ ᠪᠡᠯᠡ ᠴᠤᠭᠯᠠᠭᠤᠯᠤᠯᠲᠠ ᠶᠢᠨ ᠵᠣᠬᠢᠬᠤ ᠬᠠᠷᠢᠴᠠᠯ ᠢ | ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠳᠤ ᠬᠡᠷᠡᠭᠯᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠲᠡᠶᠢᠰᠢ ᠦᠷᠭᠦᠯᠵᠢᠯᠡᠨ | ᠬᠡᠯᠪᠠᠶᠢᠯᠭᠡᠵᠦ ᠪᠣᠯᠣᠨ᠎ᠠ᠃ ᠣᠲᠣ ᠶᠢᠨ ᠪᠠᠶᠢᠭ᠎ᠠ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠵᠦ᠂ | ᠪᠠᠲᠤᠯᠠᠭ᠎ᠠ ᠶᠢᠨ ᠴᠢᠳᠠᠯ ᠢᠶᠠᠨ ᠳᠡᠭᠡᠭᠰᠢᠯᠡᠭᠦᠯᠦᠨ᠎ᠡ᠃ ᠤᠯᠤᠰ ᠤᠨ ᠪᠠᠶᠢᠷᠢᠯᠠᠭᠤᠯᠤᠯᠲᠠ ᠶᠣᠰᠣᠭᠠᠷ᠂ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ | ᠲᠣᠭᠲᠠᠴᠠ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠳᠤ ᠬᠦᠷᠲᠡᠯ᠎ᠡ ᠥᠷᠭᠡᠳᠬᠡᠨ᠎ᠡ᠃ | ᠭᠤᠷᠪᠠ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ | ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ | ᠬᠥᠩᠭᠡᠷᠡᠭᠦᠯᠦᠨ᠎ᠡ᠃ ᠡᠭᠦᠨ ᠠᠴᠠ ᠭᠠᠳᠠᠨ᠎ᠠ᠂ ︽ᠮᠡᠳᠡᠭᠳᠡᠯ︾ ᠳᠤ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ | ᠱᠠᠲᠤᠨ ᠤ ᠨᠢᠭᠡᠳᠦᠯᠲᠡᠢ ᠲᠥᠯᠥᠪᠯᠡᠭᠡ ᠶᠢ ᠲᠣᠭᠲᠠᠭᠤᠨ ᠢᠶᠠᠷ ᠠᠬᠢᠭᠤᠯᠬᠤ ᠶᠢ ᠲᠣᠳᠣᠷᠬᠠᠶᠢᠯᠠᠪᠠ᠃ | ᠬᠤᠶᠠᠷ᠂ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ᠂ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢ | ᠪᠠᠬᠢᠵᠢᠭᠦᠯᠦᠨ ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠢ ᠱᠠᠭᠠᠷᠳᠠᠯᠭ᠎ᠠ ᠪᠠᠶᠢᠬᠤ ᠪᠣᠶ︖ | ︽ᠮᠡᠳᠡᠭᠳᠡᠯ︾ ᠳᠤ᠂ ᠥᠪᠡᠷᠲᠡᠭᠡᠨ ᠵᠠᠰᠠᠬᠤ ᠣᠷᠣᠨ ᠤ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠪᠥᠬᠦ ᠠᠷᠠᠳ ᠢᠶᠠᠷ ᠢᠶᠠᠨ ᠣᠷᠣᠯᠴᠠᠬᠤ | ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠰᠠᠨᠠᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ | ︹2022︺ 24 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠵᠠᠰᠠᠭ ᠤᠨ ᠣᠷᠳᠣᠨ ᠢᠶᠠᠷ ᠤᠳᠤᠷᠢᠳᠤᠭᠤᠯᠬᠤ ᠶᠢ ᠪᠠᠷᠢᠮᠲᠠᠯᠠᠨ᠂ ᠠᠶᠢᠮᠠᠭ | ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠥᠷᠪᠡᠨ | ᠱᠠᠲᠤ ᠪᠠᠷ ᠬᠤᠯᠪᠤᠭᠠᠯᠠᠨ ᠬᠥᠳᠡᠯᠦᠯᠴᠡᠵᠦ ᠪᠠᠶᠢᠭᠠᠳ ᠳᠠᠭᠠᠳᠬᠠᠯ ᠳᠤ ᠣᠷᠣᠯᠴᠠᠬᠤ ᠲᠣᠭᠲᠠᠯᠴᠠᠭ᠎ᠠ ᠶᠢ ᠪᠠᠶᠢᠭᠤᠯᠵᠤ᠂ ᠡᠭᠦᠷᠭᠡ ᠶᠢᠨ ᠬᠠᠷᠠᠯᠲᠠ᠂ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠡᠯ᠎ᠡ ᠱᠠᠲᠤ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠤᠨ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠪᠠᠷ ᠱᠠᠭᠠᠷᠳᠠᠪᠠ᠃ ᠨᠢᠭᠡ ᠳᠤ᠂ ᠰᠠᠯᠠᠭ᠎ᠠ ᠮᠥᠴᠢᠷ ᠤᠳ ᠤᠨ | ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠰᠠᠭᠤᠷᠢ ᠲᠤᠭ᠎ᠠ ᠶᠢ ᠣᠨᠣᠪᠴᠢᠲᠠᠢ ᠡᠵᠡᠮᠰᠢᠨ᠎ᠡ᠃ ᠬᠤᠶᠠᠷ ᠲᠤ᠂ ᠭᠤᠣᠯᠳᠠᠯᠭ᠎ᠠ ᠲᠠᠢ ᠬᠥᠮᠥᠰ ᠢ | ᠠᠩᠬᠠᠷᠴᠤ᠂ ᠬᠡᠪᠴᠢᠶ᠎ᠡ ᠶᠢ ᠣᠨᠣᠪᠴᠢᠲᠠᠢ ᠥᠷᠭᠡᠳᠬᠡᠨ᠎ᠡ᠃ ᠭᠤᠷᠪᠠ ᠳᠤ᠂ ᠣᠷᠣᠰᠢᠨ ᠰᠠᠭᠤᠬᠤ ᠦᠨᠡᠮᠯᠡᠯ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠨᠢ ᠲᠤᠬᠠᠢ ᠶᠢᠨ ᠭᠠᠵᠠᠷ ᠤᠨ ᠰᠠᠭᠤᠭᠠᠯᠢ | ᠠᠷᠠᠳ ᠤᠨ ᠬᠢ ᠲᠠᠢ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠳᠥᠷᠪᠡ ᠳᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠰᠢᠨ᠎ᠡ | ᠠᠷᠭ᠎ᠠ ᠶᠢ ᠡᠭᠦᠳᠴᠦ᠂ ᠠᠷᠠᠳ ᠤᠨ ᠣᠯᠠᠨ ᠠᠷᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠲᠥᠬᠦᠮ ᠦᠵᠡᠭᠦᠯᠬᠦ ᠦᠢᠯᠡᠴᠢᠯᠡᠭᠡ | ᠬᠠᠩᠭᠠᠨ᠎ᠠ᠃ ᠲᠠᠪᠤ ᠳᠤ᠂ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠭᠰᠡᠨ ᠠᠵᠢᠯ ᠤᠨ ᠦᠷ᠎ᠡ ᠪᠦᠲᠦᠭᠡᠯ ᠢ ᠣᠨ ᠤ ᠰᠢᠮᠳᠠᠭᠤᠯᠤᠨ | ᠪᠠᠶᠢᠴᠠᠭᠠᠵᠤ ᠰᠢᠯᠭᠠᠨ ᠬᠢᠨᠠᠬᠤ ᠲᠠᠢ ᠬᠤᠯᠪᠣᠭᠳᠠᠭᠤᠯᠵᠤ᠂ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢᠨ ᠤᠷᠮᠠᠰᠢᠭᠤᠯᠵᠤ | ᠬᠢᠵᠠᠭᠠᠷᠯᠠᠬᠤ ᠲᠣᠭᠲᠠᠴᠠ ᠶᠢ ᠰᠦᠪᠡᠭᠴᠢᠯᠡᠨ᠎ᠡ᠃ | ᠭᠤᠷᠪᠠ᠂ ᠬᠡᠷᠬᠢᠨ ᠡᠮᠴᠢᠯᠡᠭᠡᠨ ᠤ ᠪᠠᠲᠤᠯᠠᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠤᠯᠠᠮ ᠨᠢᠭᠡ | ᠠᠯᠬᠤᠮ ᠠᠬᠢᠭᠤᠯᠬᠤ ᠪᠤᠢ︖ | ︽ᠦᠨᠳᠦᠰᠦᠨ ᠡᠮᠴᠢᠯᠡᠭᠡ ᠪᠠᠲᠤᠯᠠᠭ᠎ᠠ ᠲᠠᠢ︾ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠯᠵᠢᠯᠲᠡ ᠶᠢᠨ ᠬᠤᠭᠤᠴᠠᠭᠠᠨ ᠳᠠᠬᠢ | ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ᠣᠷᠣᠯᠭ᠎ᠠ | ᠪᠠᠭᠠᠲᠠᠢ ᠬᠥᠮᠥᠨ ᠠᠮᠠ ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ ᠯᠠᠪᠳᠠᠭᠤᠨ ᠢᠶᠠᠷ | ᠪᠡᠶᠡᠯᠡᠭᠦᠯᠵᠦ᠂ ᠭᠤᠷᠪᠠᠨ ᠳᠠᠪᠬᠤᠷ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠂ ᠡᠪᠡᠳᠴᠢᠨ ᠠᠴᠠ ᠪᠣᠯᠣᠭᠰᠠᠨ | ᠶᠡᠭᠡ ᠬᠡᠪᠴᠢᠶᠡᠨ ᠤ ᠳᠠᠬᠢᠨ ᠶᠠᠳᠠᠭᠤᠷᠠᠯ ᠡᠭᠦᠰᠬᠦ ᠦᠭᠡᠢ ᠶᠢᠨ ᠬᠢᠵᠠᠭᠠᠷ ᠢ ᠰᠠᠶᠢᠲᠤᠷ ᠰᠠᠬᠢᠨ᠎ᠠ᠃ ︽ᠮᠡᠳᠡᠭᠳᠡᠯ︾ ᠳᠤ ᠭᠤᠷᠪᠠᠨ ᠱᠠᠭᠠᠷᠳᠠᠯᠭ᠎ᠠ | ᠳᠤᠷᠠᠳᠴᠠᠢ᠂ ᠨᠢᠭᠡ ᠳᠤ᠂ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠲᠤᠰᠠᠯᠠᠬᠤ ᠴᠢᠳᠠᠪᠤᠷᠢ ᠪᠠ ᠬᠦᠴᠢᠷᠳᠡᠯᠲᠡᠢ ᠣᠯᠠᠨ ᠲᠦᠮᠡᠨ ᠤ | ᠪᠣᠳᠠᠲᠠᠢ ᠬᠡᠷᠡᠭᠴᠡᠭᠡ ᠳᠤ ᠰᠠᠭᠤᠷᠢᠯᠠᠨ᠂ ᠳᠠᠭᠠᠳᠬᠠᠯ ᠳᠤ ᠣᠷᠣᠯᠴᠠᠬᠤ ᠶᠢ ᠲᠥᠷᠥᠯ ᠬᠤᠪᠢᠶᠠᠨ ᠳᠡᠮᠵᠢᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ | ᠃ ᠬᠤᠶᠠᠷ ᠲᠤ᠂ ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠲᠠᠢ ᠡᠪᠡᠳᠴᠢᠲᠡᠨ ᠢ ᠬᠢᠨᠠᠵᠤ | ᠰᠡᠷᠡᠮᠵᠢᠯᠡᠭᠦᠯᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠢᠨᠠᠵᠤ ᠰᠡᠷᠡᠮᠵᠢᠯᠡᠭᠦᠯᠬᠦ ᠶᠢᠨ ᠬᠤᠭᠤᠴᠠᠭᠠᠲᠤ ᠴᠢᠨᠠᠷ ᠪᠠ ᠣᠨᠣᠪᠴᠢᠲᠤ | ᠴᠢᠨᠠᠷ ᠢ ᠳᠡᠭᠡᠭᠰᠢᠯᠡᠭᠦᠯᠦᠨ᠎ᠡ᠃ ᠭᠤᠷᠪᠠ ᠳᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢᠶᠠᠷ | ᠬᠦᠴᠢᠷᠳᠡᠯᠲᠡᠢ ᠬᠦᠨᠳᠦ ᠡᠪᠡᠳᠴᠢᠲᠡᠨ ᠢ ᠲᠤᠰᠠᠯᠠᠵᠤ ᠲᠡᠳᠬᠦᠬᠦ ᠶᠢ ᠢᠳᠡᠪᠬᠢᠲᠡᠢ ᠵᠢᠯᠣᠭᠤᠳᠴᠤ᠂ ᠣᠯᠠᠨ ᠡᠰᠢᠵᠢᠭᠰᠡᠨ ᠠᠪᠤᠷᠠᠨ ᠲᠤᠰᠠᠯᠠᠬᠤ ᠵᠠᠭᠪᠤᠷ | ᠪᠦᠲᠦᠭᠡᠬᠦ ᠶᠢ ᠠᠬᠢᠭᠤᠯᠤᠨ᠎ᠠ᠃ | ᠳᠥᠷᠪᠡ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ | ᠦᠨ᠎ᠡ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠶᠠᠮᠠᠷ ᠶᠠᠮᠠᠷ ᠪᠣᠳᠠᠲᠠᠢ ᠲᠣᠬᠢᠷᠠᠭᠤᠯᠤᠯᠲᠠ ᠪᠠᠶᠢᠬᠤ ᠪᠣᠶ︖ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠠᠯ᠎ᠠ ᠪᠠᠷ᠂ ᠲᠠᠪᠤᠨ ᠪᠣᠳᠠᠲᠠᠢ ᠱᠠᠭᠠᠷᠳᠠᠯᠭ᠎ᠠ ᠳᠤᠷᠠᠳᠪᠠ᠂ ᠨᠢᠭᠡ ᠳᠤ᠂ | 2022 ᠣᠨ ᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠡᠯᠡᠯᠴᠡᠭᠡ | ᠬᠢᠬᠦ ᠡᠮ ᠤᠨ ᠵᠦᠢᠯ ᠤᠨ ︽ᠬᠤᠣᠰ ᠵᠠᠮ︾ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ | ᠵᠣᠷ ᠤᠨ ᠲᠥᠪ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠶᠠᠷ ᠲᠤ᠂ ᠦᠨᠳᠦᠰᠦᠲᠡᠨ ᠤ ᠡᠮ᠂ ᠡᠮᠴᠢᠯᠡᠭᠡᠨ ᠤ ᠪᠠᠶᠢᠭᠤᠯᠤᠮᠵᠢ ᠶᠢᠨ | ᠨᠠᠶᠢᠷᠠᠭᠤᠯᠭ᠎ᠠ ᠪᠠ ᠬᠢᠲᠠᠳ ᠬᠡᠷᠴᠢᠮᠡᠯ ᠡᠮ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠵᠥᠪᠰᠢᠶᠡᠷᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ | ᠴᠢᠩᠭᠠᠳᠬᠠᠬᠤ ᠶᠢᠨ ᠬᠠᠮᠲᠤ ᠬᠥᠳᠡᠯᠦᠩᠭᠦᠢ ᠪᠠᠷ ᠲᠣᠬᠢᠷᠠᠭᠤᠯᠤᠨ᠎ᠠ᠃ ᠭᠤᠷᠪᠠ ᠳᠤ᠂ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠰᠥᠯ ᠢ ᠴᠠᠭ ᠲᠤᠬᠠᠢ ᠳᠤ ᠨᠢ ᠡᠮᠴᠢᠯᠡᠭᠡᠨ ᠤ ᠳᠠᠭᠠᠳᠬᠠᠯ ᠤᠨ ᠲᠥᠯᠥᠬᠦ ᠬᠡᠪᠴᠢᠶᠡᠨ ᠳᠤ | ᠣᠷᠣᠭᠤᠯᠤᠨ᠎ᠠ᠃ ᠳᠥᠷᠪᠡ ᠳᠤ᠂ ᠲᠣᠭᠠᠴᠠᠭ᠎ᠠ ᠬᠢᠬᠦ ᠠᠷᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ 2023 ᠣᠨ ᠳᠤ | ᠨᠥᠬᠦᠴᠡᠯ ᠳᠤ ᠨᠡᠶᠢᠴᠡᠬᠦ ᠡᠮᠨᠡᠯᠭᠡ ᠳᠤ ᠰᠠᠭᠤᠬᠤ ᠦᠢᠯᠡᠴᠢᠯᠡᠭᠡ ᠥᠷᠨᠢᠭᠦᠯᠵᠦ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠬᠠᠮᠤᠷᠤᠨ᠎ᠠ᠃ | ᠲᠠᠪᠤ ᠳᠤ᠂ ᠡᠮᠴᠢᠯᠡᠭᠡᠨ ᠤ ᠳᠠᠭᠠᠳᠬᠠᠯ ᠢᠶᠠᠷ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠶᠢ ᠳᠡᠮᠵᠢᠬᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠬᠤᠯᠪᠣᠭᠳᠠᠯ | ᠪᠦᠬᠦᠢ ᠠᠵᠢᠯ ᠢ ᠰᠠᠶᠢᠲᠤᠷ ᠨᠢᠭᠡᠳᠦᠯᠲᠡᠢ ᠲᠥᠯᠥᠪᠯᠡᠨ᠎ᠡ᠃ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠬᠠᠩᠰᠢ ᠶᠢᠨ | ᠬᠠᠮᠢᠶᠠᠷᠤᠯᠲᠠ ᠶᠢᠨ ᠲᠠᠯ᠎ᠠ ᠪᠠᠷ᠂ ᠳᠥᠷᠪᠡᠨ ᠪᠣᠳᠠᠲᠠᠢ ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠤᠯᠤᠰ ᠠᠴᠠ ᠵᠣᠬᠢᠶᠠᠨ | ᠪᠠᠶᠢᠭᠤᠯᠤᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠤᠭᠰᠠᠨ ᠳ᠋ᠦᠩ ᠢ | ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠵᠦ᠂ | ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠤᠨ ︽ᠰᠦᠯᠵᠢᠶ᠎ᠡ ᠪᠠᠷ ᠬᠤᠳᠠᠯᠳᠤᠨ ᠠᠪᠬᠤ ᠨᠣᠷᠮ᠎ᠠ︾ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠭᠤᠷᠪᠠ ᠳᠤ᠂ ᠡᠮ ᠤᠨ ᠵᠦᠢᠯ ᠢ ᠰᠦᠯᠵᠢᠶᠡᠨ ᠳᠤ ᠭᠠᠷᠭᠠᠬᠤ ᠪᠠ ᠰᠦᠯᠵᠢᠶᠡᠨ ᠠᠴᠠ ᠪᠠᠭᠤᠯᠭᠠᠬᠤ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ | ᠳᠥᠷᠪᠡ ᠳᠤ᠂ ᠡᠮ ᠡᠮᠨᠡᠯᠭᠡ ᠶᠢᠨ ᠦᠨ᠎ᠡ ᠪᠣᠯᠣᠨ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠶᠢᠨ ᠢᠲᠡᠭᠡᠮᠵᠢ ᠶᠢᠨ ᠦᠨᠡᠯᠡᠯᠲᠡ ᠶᠢ ᠰᠠᠶᠢᠲᠤᠷ | ᠬᠢᠨ᠎ᠡ᠃ ᠲᠠᠪᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢ | ᠬᠡᠷᠬᠢᠨ ᠦᠷᠭᠦᠯᠵᠢᠯᠡᠨ ᠴᠢᠩᠭᠠᠳᠬᠠᠬᠤ ᠪᠣᠶ︖ ︽ᠮᠡᠳᠡᠭᠳᠡᠯ︾ ᠳᠤ 2023 ᠣᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠮᠤᠷ ᠲᠦᠪᠰᠢᠨ ᠤ ᠵᠢᠷᠤᠮᠵᠢᠯ ᠤᠨ ᠣᠨ ᠤ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠮᠥᠩᠭᠦ ᠶᠢᠨ | ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠭᠡᠨᠡᠳᠲᠡ ᠪᠠᠷ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠦᠨ᠎ᠡ᠃ ᠬᠤᠶᠠᠷ ᠲᠤ᠂ | ᠳᠠᠭᠠᠳᠬᠠᠯ ᠢ ᠮᠡᠬᠡᠯᠡᠨ ᠠᠪᠬᠤ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠦᠨ᠎ᠡ᠃ ᠭᠤᠷᠪᠠ ᠳᠤ᠂ ᠬᠢᠨᠠᠨ ᠬᠠᠮᠢᠶᠠᠷᠬᠤ | ᠡᠩᠨᠡᠭᠡ ᠪᠣᠯᠣᠨ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠡᠷᠴᠢᠮ ᠢ | ᠴᠢᠩᠭᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ ᠬᠦᠷᠢᠶᠡᠨ ᠳᠠᠬᠢ ᠴᠢᠬᠡᠴᠢ ᠰᠣᠶᠣᠯ ᠤᠨ | ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠳᠥᠷᠪᠡ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ | ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ ᠪᠦᠲᠦᠮᠵᠢ ᠶᠢᠨ | ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | ᠵᠢᠷᠭᠤᠭ᠎ᠠ᠂ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠬᠡᠷᠬᠢᠨ ᠦᠷᠭᠦᠯᠵᠢᠯᠡᠨ ᠳᠡᠭᠡᠭᠰᠢᠯᠡᠭᠦᠯᠬᠦ ᠪᠣᠶ︖ | ︽ᠮᠡᠳᠡᠭᠳᠡᠯ︾ ᠳᠤ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ ᠶᠢ ᠳᠥᠷᠪᠡᠨ ᠲᠠᠯ᠎ᠠ ᠪᠠᠷ ᠱᠠᠭᠠᠷᠳᠠᠪᠠ᠂ ᠨᠢᠭᠡ ᠳᠤ᠂ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ | ᠶᠡᠭᠡ ᠪᠠᠷ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠳᠣᠷᠬᠠᠢ | ᠬᠠᠭᠤᠳᠠᠰᠤ ᠪᠠ ᠠᠵᠢᠯᠯᠠᠭᠠᠨ ᠤ ᠵᠢᠷᠤᠮᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠶᠠᠷ ᠲᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ | ᠭᠠᠷᠲᠠᠨ ᠭᠦᠢᠴᠡᠳᠬᠡᠬᠦ ᠳᠦᠷᠢᠮ ᠢ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠰᠠᠶᠢᠲᠤᠷ ᠳᠠᠶᠢᠴᠢᠯᠠᠵᠤ᠂ ᠣᠯᠠᠨ | ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠢᠳᠡᠪᠬᠢᠵᠢᠯ ᠢ ᠳᠠᠶᠢᠴᠢᠯᠠᠨ᠂ ᠳᠠᠬᠢᠨ ᠳᠠᠪᠲᠠᠨ ᠳᠠᠭᠠᠳᠬᠠᠯ ᠳᠤ ᠣᠷᠣᠯᠴᠠᠭᠰᠠᠨ | ᠳ᠋ᠠᠶᠢᠲ᠋ᠠ ᠶᠢᠨ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ ᠭᠤᠷᠪᠠ ᠳᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠨᠢᠭᠡ ᠪᠦᠯᠦᠭ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ︽ | ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠨᠡᠯᠭᠡ ᠳᠤ ᠰᠠᠭᠤᠬᠤ ᠵᠠᠷᠤᠳᠠᠯ ᠢ ᠮᠤᠵᠢ ᠠᠯᠤᠰᠯᠠᠨ ᠰᠢᠭᠤᠳ | ᠳ᠋ᠦᠩᠨᠡᠨ ᠪᠤᠳᠤᠬᠤ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ 5 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠤ | ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠰᠢᠶᠠᠨ ᠤ ᠬᠡᠪᠴᠢᠶᠡᠨ ᠳᠤ ᠬᠦᠷᠭᠡᠬᠦ ᠶᠢ ᠠᠬᠢᠭᠤᠯᠤᠨ᠎ᠠ᠃ ᠳᠥᠷᠪᠡ ᠳᠤ᠂ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠤᠨ ᠰᠣᠷᠢᠯᠲᠠ ᠪᠠᠷ ᠳᠠᠮᠵᠢᠭᠤᠯᠤᠨ᠂ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠡᠮᠴᠢᠯᠡᠭᠡᠨ ᠤ ᠳᠠᠭᠠᠳᠬᠠᠯ ᠤᠨ ᠮᠡᠳᠡᠭᠡᠯᠡᠯ ᠤᠨ ᠲᠠᠪᠴᠠᠩ ᠪᠠ ᠳ᠋ᠠᠶᠢᠲ᠋ᠠ ᠶᠢᠨ ᠬᠡᠷᠡᠭᠯᠡᠯᠲᠡ ᠶᠢ | ᠭᠦᠨᠵᠡᠭᠡᠶᠢᠷᠡᠭᠦᠯᠬᠦ ᠲᠠᠯ᠎ᠠ ᠪᠠᠷ᠂ ︽ᠮᠡᠳᠡᠭᠳᠡᠯ︾ ᠳᠤ ᠪᠠᠰᠠ ᠪᠥᠬᠦ ᠤᠯᠤᠰ ᠤᠨ ᠨᠢᠭᠡᠳᠦᠯᠲᠡᠢ ᠡᠮᠴᠢᠯᠡᠭᠡᠨ ᠤ ᠳᠠᠭᠠᠳᠬᠠᠯ ᠤᠨ ᠮᠡᠳᠡᠭᠡᠯᠡᠯ ᠤᠨ | ᠲᠠᠪᠴᠠᠩ ᠳᠤ ᠲᠦᠰᠢᠭᠯᠡᠨ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠪᠠᠷᠢᠮᠲᠠ᠂ ᠰᠢᠯᠵᠢᠮᠡᠯ ᠲᠣᠭᠠᠴᠠᠭ᠎ᠠ ᠵᠡᠷᠭᠡ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢᠨ ᠰᠠᠭᠤᠷᠢ ᠳᠦᠷᠢᠮ ᠤᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠠᠬᠢᠭᠤᠯᠵᠤ᠂ ᠳ᠋ᠠᠶᠢᠲ᠋ᠠ ᠪᠠᠷ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ᠂ ᠦᠢᠯᠡᠴᠢᠯᠡᠭᠡ᠂ ᠥᠭᠡᠷᠡᠴᠢᠯᠡᠯᠲᠡ ᠳᠤ ᠬᠦᠴᠦᠨ | ᠨᠡᠮᠡᠷᠢᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ | ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ︽ᠮᠡᠳᠡᠭᠳᠡᠯ︾ ᠳᠤ ᠡᠯ᠎ᠡ ᠭᠠᠵᠠᠷ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ ᠠᠵᠢᠯ ᠤᠨ ᠱᠠᠭᠠᠷᠳᠠᠯᠭ᠎ᠠ ᠳᠤᠷᠠᠳᠴᠤ᠂ ᠠᠵᠢᠯ ᠤᠨ ᠬᠠᠷᠢᠭᠤᠴᠠᠯᠭ᠎ᠠ ᠢᠶᠠᠨ ᠪᠣᠳᠠᠲᠠᠶᠢᠵᠢᠭᠤᠯᠵᠤ᠂ | ᠰᠠᠯᠠᠭ᠎ᠠ ᠮᠥᠴᠢᠷ ᠤᠳ ᠬᠠᠮᠵᠢᠯᠴᠠᠭ᠎ᠠ ᠢᠶᠠᠨ ᠴᠢᠩᠭᠠᠳᠬᠠᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠴᠢᠨᠠᠷ | ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠷ ᠳᠠᠭᠠᠳᠬᠠᠯ ᠳᠤ ᠣᠷᠣᠯᠴᠠᠭᠰᠠᠳ ᠲᠤ ᠨᠠᠩ ᠰᠠᠶᠢᠨ ᠠᠰᠢᠭ ᠬᠦᠷᠲᠡᠭᠡᠬᠦ ᠶᠢ ᠠᠬᠢᠭᠤᠯᠬᠤ ᠬᠡᠷᠡᠭᠲᠡᠢ | ᠭᠡᠵᠦ ᠱᠠᠭᠠᠷᠳᠠᠪᠠ᠃ | |