ᠬᠡᠦᠬᠡᠳ ᠨᠢᠳᠦ ᠪᠠᠷ ᠢᠶᠠᠨ ᠭᠡᠷ ᠪᠦᠯᠢ ᠶᠢᠨ ᠬᠦᠴᠦᠷᠬᠡᠭᠯᠡᠯ ᠢ ᠦᠵᠡᠬᠦ ᠨᠢ ᠪᠠᠰᠠ ᠭᠡᠷ ᠪᠦᠯᠢ ᠶᠢᠨ ᠬᠦᠴᠦᠷᠬᠡᠭᠯᠡᠯ ᠤᠨ ᠬᠤᠬᠢᠷᠠᠯ ᠢ ᠠᠮᠰᠠᠵᠤ ᠪᠠᠶᠢᠭ᠎ᠠ ᠶᠠᠪᠤᠳᠠᠯ ᠮᠦᠨ︕
ᠨᠡᠶᠢᠲᠡᠯᠡᠭᠰᠡᠨ ᠴᠠᠭ᠄
2024/1/29
    ᠨᠠᠰᠤᠨ ᠳᠤ ᠤᠢᠯᠦ ᠬᠦᠷᠦᠭᠰᠡᠦᠠ ᠢ ᠬᠠᠮᠠᠭᠠᠯᠠᠬᠤ ᠬᠠᠤᠯᠢ ᠶᠢᠨ ᠬᠤᠷᠢᠨ ᠳᠥᠷᠪᠡᠳᠦᠭᠡᠷ ᠵᠦᠢᠯ ᠳᠤ᠂ ᠨᠠᠰᠤᠨ ᠳᠤ ᠤᠢᠯᠦ ᠬᠦᠷᠦᠭᠰᠡᠦᠠ ᠢ ᠪᠤᠯᠢᠶᠠᠯᠴᠠᠬᠤ ᠪᠤᠶᠤ ᠨᠢᠭᠤᠨ ᠳᠠᠯᠳᠠᠯᠠᠬᠤ ᠵᠡᠷᠭᠡ ᠠᠷᠭ᠎ᠠ ᠮᠠᠶ᠋ᠢᠭ ᠢᠶᠠᠷ ᠠᠰᠠᠷᠠᠨ ᠲᠡᠵᠢᠭᠡᠬᠦ ᠡᠷᠬᠡ ᠶᠢ ᠪᠤᠯᠢᠶᠠᠯᠳᠤᠵᠤ ᠪᠣᠯᠬᠤ ᠤᠢᠭᠡᠢ᠃ ᠨᠠᠰᠤᠨ ᠳᠤ ᠬᠦᠷᠦᠭᠡᠳᠦᠢ ᠦᠷ᠎ᠡ ᠬᠡᠦᠬᠡᠳ ᠢᠶᠠᠨ ᠪᠤᠯᠢᠶᠠᠯᠴᠠᠬᠤ᠂ ᠨᠢᠭᠤᠨ ᠳᠠᠯᠳᠠᠯᠠᠬᠤ ᠠᠵᠢᠯᠯᠠᠭ᠎ᠠ ᠨᠢ ᠡᠴᠢᠭᠡ ᠡᠭᠡ ᠶᠢᠨ ᠬᠢᠨᠢ ᠨᠦᠬᠦᠭᠡ ᠡᠲᠡᠭᠡᠳ ᠤᠨ ᠦᠷ᠎ᠡ ᠬᠡᠦᠬᠡᠳ ᠢᠶᠠᠨ ᠬᠠᠤᠯᠢ ᠶᠣᠰᠣᠭᠠᠷ ᠠᠰᠠᠷᠠᠨ ᠲᠡᠵᠢᠭᠡᠬᠦ᠂ ᠰᠤᠷᠭᠠᠨ ᠬᠥᠮᠦᠵᠢᠭᠦᠯᠬᠦ᠂ ᠬᠠᠮᠠᠭᠠᠯᠠᠬᠤ ᠡᠷᠬᠡ ᠶᠢ ᠬᠤᠬᠢᠷᠠᠭᠤᠯᠬᠤ ᠪᠠᠷ ᠪᠠᠷᠠᠬᠤ ᠤᠢᠭᠡᠢ᠂ ᠪᠠᠰᠠ ᠨᠠᠰᠤᠨ ᠳᠤ ᠬᠦᠷᠦᠭᠡᠳᠦᠢ ᠦᠷ᠎ᠡ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠡᠳᠦ ᠶᠢ ᠬᠦᠨᠳᠦ ᠭᠡᠴᠡᠭᠦᠦ ᠬᠤᠬᠢᠷᠠᠭᠤᠯᠬᠤ ᠪᠣᠯᠬᠤᠷ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃     ᠨᠠᠰᠤᠨ ᠳᠤ ᠥᠯᠥ ᠭᠦᠷᠦᠭᠰᠡᠳ ᠬᠡᠷ ᠪᠦᠯᠢ ᠶᠢᠨ ᠬᠦᠴᠦᠷᠬᠡᠭᠯᠡᠯ ᠢᠯᠠᠩᠭᠤᠶ᠎ᠠ ᠪᠡᠶ᠎ᠡ ᠮᠠᠬᠠᠪᠣᠳ ᠤᠨ ᠬᠦᠴᠦᠷᠬᠡᠭᠯᠡᠯ ᠢ ᠨᠢᠳᠦ ᠪᠠᠷ ᠢᠶᠠᠨ ᠦᠵᠡᠪᠡᠯ᠂ ᠲᠡᠭᠦᠨ ᠤ ᠰᠡᠳᠬᠢᠴᠡ ᠳᠤ ᠯᠤᠲᠤ ᠶᠡᠭᠡ ᠲᠠᠭᠠᠷᠢᠯᠲᠠ ᠤᠴᠠᠷᠠᠭᠤᠯᠬᠤ ᠪᠠᠷ ᠪᠠᠷᠠᠬᠤ ᠥᠬᠡᠶ᠂ ᠪᠠᠰᠠ ᠪᠤᠰᠤᠳ ᠤᠨ ᠠᠭᠤᠷ ᠬᠢᠯᠢᠩ ᠢᠶᠠᠨ ᠭᠠᠷᠭᠠᠬᠤ᠂ ᠬᠠᠷᠢᠶᠠᠯᠴᠠᠵᠦ ᠵᠤᠳᠤᠯᠴᠠᠬᠤ ᠵᠡᠷᠭᠡ ᠰᠢᠯᠲᠠᠭᠠᠨ ᠠᠴᠠ ᠪᠣᠯᠵᠣ ᠪᠡᠶ᠎ᠡ ᠰᠡᠳᠬᠢᠯ ᠳᠤᠨᠢ ᠰᠢᠷᠬ᠎ᠠ ᠰᠤᠷᠪᠢ ᠰᠠᠭᠤᠯᠭᠠᠵᠤ ᠮᠡᠳᠡᠨ᠎ᠡ᠂ ᠦᠷᠬᠦᠯᠵᠢ ᠡᠶᠢᠮᠦ ᠤᠷᠴᠢᠨ ᠳᠤ ᠪᠠᠶᠢᠭᠠᠳ ᠪᠠᠶᠢᠪᠠᠯ ᠴᠢᠨᠠᠭᠰᠢᠯᠠᠨ ︽ᠬᠦᠴᠦᠷᠬᠡᠭᠯᠡᠯ ᠢᠶᠠᠷ ᠠᠯᠢᠪᠠ ᠶᠢ ᠰᠢᠢᠳᠪᠦᠷᠢᠯᠡᠬᠦ︾ ᠪᠤᠷᠤᠭᠤ ᠦᠵᠡᠯᠲᠡ ᠲᠠᠢ ᠪᠤᠯᠵᠤ᠂ ᠲᠡᠭᠦᠨ ᠤ ᠦᠰᠦᠨ ᠪᠤᠶᠢᠵᠢᠯᠲᠠ ᠳᠤ ᠣᠮᠲᠣᠭᠠᠶᠢᠯᠠᠵᠤ ᠪᠣᠯᠤᠰᠢ ᠥᠬᠡᠶ ᠨᠠᠵᠠᠭᠠᠶ ᠨᠥᠯᠥᠭᠡ ᠦᠵᠡᠭᠦᠯᠵᠦ ᠮᠡᠳᠡᠨ᠎ᠡ᠃     ᠡᠴᠢᠭᠡ ᠡᠭᠡ ᠪᠣᠯ ᠬᠡᠦᠬᠡᠳ ᠤᠨ ᠠᠩᠬᠠᠨ ᠤ ᠪᠠᠭᠰᠢ ᠮᠥᠨ᠂ ᠬᠡᠦᠬᠡᠳ ᠢ ᠬᠥᠲᠥᠯᠥᠨ ᠵᠢᠯᠣᠭᠤᠳᠴᠤ ᠪᠠᠶᠢᠠᠭᠳ ᠮᠡᠳᠡᠯᠭᠡ ᠡᠵᠡᠮᠰᠢᠭᠦᠯᠵᠦ ᠡᠷᠳᠡᠮ ᠴᠢᠳᠠᠪᠤᠷᠢ ᠶᠢ ᠨᠢ ᠳᠡᠭᠡᠭᠰᠢᠯᠡᠭᠦᠯᠬᠦ ᠪᠠᠷ ᠪᠠᠷᠠᠬᠤ ᠥᠬᠡᠶ᠂ ᠨᠠᠩ ᠴᠤ ᠬᠡᠦᠬᠡᠳ ᠢ ᠬᠠᠪᠰᠤᠷᠤᠨ ᠰᠠᠶᠢᠨ ᠰᠠᠶᠢᠬᠠᠨ ᠵᠠᠩ ᠮᠣᠷᠠᠯ ᠪᠠ ᠦᠢᠯᠡ ᠠᠵᠢᠯᠯᠠᠭᠠᠨ ᠤ ᠳᠠᠳᠬᠠᠯ ᠲᠠᠢ ᠪᠣᠯᠭᠠᠬᠤ ᠬᠡᠷᠡᠭᠲᠡᠶ᠃ ᠭᠡᠪᠡᠴᠦ ᠪᠣᠳᠠᠲᠤ ᠠᠮᠢᠳᠤᠷᠠᠯ ᠳᠤᠮᠳᠠ᠂ ᠵᠠᠷᠢᠮ ᠡᠴᠢᠭᠡ ᠡᠬᠡ ᠨᠢ ᠰᠤᠷᠤᠯᠭ᠎ᠠ ᠶᠢᠨ ᠬᠢᠷᠢ ᠪᠦᠲᠦᠮᠵᠢ ᠪᠠᠷ ᠴᠣᠷ ᠤᠨ ᠭᠠᠭᠴᠠ ᠵᠣᠷᠢᠯᠭ᠎ᠠ ᠪᠣᠯᠭᠠᠵᠤ᠂ ᠬᠡᠦᠬᠡᠳ ᠤᠨ ᠡᠷᠡᠭᠦᠯ ᠴᠢᠭᠢᠷᠠᠭ ᠪᠡᠶ᠎ᠡ ᠮᠠᠬᠠᠪᠣᠳ ᠤᠨ ᠰᠡᠳᠬᠢᠴᠡ ᠶᠢᠨ ᠪᠤᠶᠢᠵᠢᠯᠲᠠ ᠶᠢᠨ ᠵᠢᠮ᠎ᠡ ᠶᠣᠰᠣ ᠶᠢ ᠣᠮᠲᠣᠭᠠᠶᠢᠯᠠᠳᠠᠭ︔ ᠵᠠᠷᠢᠮ ᠡᠴᠢᠭᠡ ᠡᠬᠡ ᠨᠢ ︽ᠬᠠᠶᠢᠷ᠎ᠠ ᠶᠢᠨ ᠬᠦᠨ ᠤᠳᠬ᠎ᠠ ᠠᠭᠤᠯᠭ᠎ᠠ᠂ ᠬᠠᠷᠢᠭᠤᠴᠠᠯᠭ᠎ᠠ ᠶᠢᠨ ᠲᠤᠯᠭᠠᠮ᠎ᠠ ᠱᠠᠭᠠᠷᠳᠠᠯᠭ᠎ᠠ︾ ᠶᠢ ᠥᠷᠥᠭᠡᠰᠦᠭᠡᠯ ᠢᠶᠠᠷ ᠣᠶᠢᠯᠠᠭᠠᠵᠤ᠂ ᠬᠠᠯᠲᠤᠰᠬᠢᠪᠡᠯ ᠵᠣᠳᠣᠵᠤ ᠬᠠᠷᠢᠶᠠᠬᠤ ᠬᠡᠯᠪᠡᠷᠢ ᠪᠠᠷ ᠬᠡᠦᠬᠡᠳ ᠢ ᠬᠠᠮᠢᠶᠠᠷᠴᠤ ᠰᠤᠷᠭᠠᠳᠠᠭ︔ ᠵᠠᠷᠢᠮ ᠡᠴᠢᠭᠡ ᠡᠬᠡ ᠨᠢ ᠬᠡᠦᠬᠡᠳ ᠤᠨ ᠢᠶᠠᠨ ᠦᠨᠡᠨ ᠪᠣᠳᠠᠲᠠᠢ ᠬᠦᠰᠡᠯ ᠰᠠᠨᠠᠭ᠎ᠠ ᠶᠢ ᠪᠣᠳᠣᠯᠬᠢᠯᠠᠬᠤ ᠦᠭᠡᠢ ᠪᠠᠷ ᠥᠪᠡᠷ ᠤᠨ ᠰᠤᠷᠭᠠᠨ ᠬᠥᠮᠦᠵᠢᠭᠦᠯᠬᠦ ᠣᠶᠢᠯᠠᠭᠠᠭᠳᠠᠬᠤᠨ ᠪᠠ ᠰᠤᠷᠭᠠᠨ ᠬᠥᠮᠦᠵᠢᠭᠦᠯᠬᠦ ᠠᠷᠭ᠎ᠠ ᠮᠠᠶ᠋ᠢᠭ ᠢᠶᠠᠨ ᠠᠯᠪᠠ ᠪᠠᠷ ᠬᠡᠷᠡᠭᠵᠢᠭᠦᠯᠵᠦ ᠪᠠᠶᠢᠳᠠᠭ︔ ᠪᠠᠰᠠ ᠵᠠᠷᠢᠮ ᠡᠴᠢᠭᠡ ᠡᠬᠡ ᠨᠢ ᠠᠵᠢᠯ ᠠᠮᠢᠳᠤᠷᠠᠯ ᠤᠨ ᠳᠤᠮᠳᠠ ᠬᠤᠷᠠᠮᠳᠤᠭᠰᠠᠨ ᠳᠠᠷᠤᠯᠲᠠ ᠪᠠ ᠨᠠᠵᠠᠭᠠᠶ ᠰᠡᠳᠬᠢᠯᠭᠡ ᠪᠠᠨ ᠥᠪᠡᠷ ᠤᠨ ᠡᠷᠬᠡ ᠥᠬᠡᠶ ᠬᠡᠦᠬᠡᠳ ᠤᠨ ᠢᠶᠠᠨ ᠪᠡᠶ᠎ᠡ ᠳᠡᠭᠡᠷ᠎ᠡ ᠭᠠᠷᠭᠠᠳᠠᠭ᠃ ᠡᠲᠡᠭᠡᠷ ᠪᠡᠶ᠎ᠡ ᠮᠠᠬᠠᠪᠣᠳ ᠣᠶᠤᠨ ᠰᠠᠨᠠᠭᠠᠨ ᠤ ᠬᠠᠯᠳᠠᠯᠭ᠎ᠠ ᠶᠢᠨ ᠠᠵᠢᠯᠯᠠᠭ᠎ᠠ ᠨᠢ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠦᠨᠳᠦ ᠬᠡᠴᠡᠭᠦᠦ ᠨᠥᠯᠥᠭᠡᠯᠡᠵᠦ ᠪᠠᠶᠢᠨ᠎ᠠ᠃   
ᠢᠷᠡᠯᠲᠡ᠄ ᠠᠷᠠᠳ ᠤᠨ ᠮᠣᠩᠭᠤᠯ ᠰᠦᠯᠵᠢᠶ᠎ᠡ