ᠮᠤᠨᠠ ᠠᠭᠤᠯᠠ ᠪᠠᠯᠭᠠᠰᠤ᠄ ᠭᠤᠤᠯᠳᠠᠯᠭ᠎ᠠ ᠲᠠᠢ ᠬᠦᠷᠢᠶᠡᠨ ᠤ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ ᠪᠠ ᠴᠡᠭᠴᠡᠯᠡᠨ  ᠨᠠᠶᠢᠳᠠᠪᠤᠷᠢᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠪᠡ
ᠨᠡᠶᠢᠲᠡᠯᠡᠭᠰᠡᠨ ᠴᠠᠭ᠄
2024/1/30
     ᠮᠤᠨᠠ ᠠᠭᠤᠯᠠ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠨᠢ ᠡᠪᠦᠯ ᠤᠨ ᠤᠯᠠᠷᠢᠯ ᠤᠨ ᠰᠤᠯᠠ ᠰᠡᠯᠡᠭᠦᠦ ᠴᠠᠭ ᠢ ᠭᠦᠢᠴᠡᠳ ᠠᠰᠢᠭᠯᠠᠵᠤ᠂ ︽ᠶᠡᠭᠡ ᠰᠤᠷᠪᠤᠯᠵᠢᠯᠠᠭ᠎ᠠ ᠶᠡᠭᠡ ᠪᠠᠶᠢᠴᠠᠭᠠᠨ ᠰᠤᠳᠤᠯᠤᠯᠲᠠ ᠶᠡᠭᠡ ᠦᠢᠯᠡᠴᠢᠯᠡᠭᠡ ᠶᠡᠭᠡ ᠰᠡᠳᠦᠪ ᠰᠢᠢᠳᠪᠦᠷᠢᠯᠡᠬᠦ︾ ᠠᠵᠢᠯ ᠢ ᠲᠦᠷᠦᠭᠦᠯᠡᠨ ᠥᠷᠨᠢᠭᠦᠯᠵᠦ ᠂ ᠬᠤᠶᠢᠰᠢᠳᠠ ᠶᠢᠨ ᠠᠵᠢᠯ ᠤᠨ ᠳᠤᠮᠳᠠ ᠪᠠᠨ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠢ ᠪᠣᠯᠭᠠᠵᠤ᠂ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢᠶᠠᠨ ᠣᠨᠣᠪᠴᠢᠲᠠᠢ ᠡᠷᠢᠬᠦ ᠶᠢ ᠬᠠᠪᠰᠤᠷᠪᠠ᠃ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠣᠶᠢᠯᠠᠭᠠᠬᠤ ᠶᠢᠨ ᠬᠠᠮᠲᠤ ᠣᠯᠠᠨ ᠲᠦᠮᠡᠨ ᠤ ᠰᠣᠨᠣᠰᠴᠤ ᠣᠶᠢᠯᠠᠭᠠᠬᠤ ᠠᠷᠭ᠎ᠠ ᠪᠠᠷ ᠲᠠᠷᠢᠶᠠᠴᠢᠨ ᠡᠷᠦᠬᠡ ᠳᠤ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠤᠬᠠᠭᠤᠯᠵᠤ᠂ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠨᠢᠭᠡᠳ ᠨᠢᠭᠡ ᠪᠠᠷ ᠡᠮᠬᠢᠯᠡᠨ ᠳᠢᠭᠯᠡᠵᠦ᠂ ︽ᠨᠢᠭᠡ ᠲᠦᠯᠬᠢᠭᠦᠷ ᠢᠶᠠᠷ ᠨᠢᠭᠡ ᠣᠨᠢᠰᠤ ᠶᠢ ᠨᠡᠭᠡᠭᠡᠬᠦ︾ ᠨᠠᠷᠢᠯᠢᠭ ᠣᠨᠣᠴᠠᠲᠠᠶ ᠪᠠᠷ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠬᠥᠭᠵᠢᠯᠲᠡ ᠶᠢᠨ ᠰᠢᠨ᠎ᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠥᠭᠵᠢᠯᠲᠡ ᠶᠢᠨ ᠰᠢᠨ᠎ᠡ ᠪᠠᠶᠢᠳᠠᠯ ᠢ ᠨᠡᠭᠡᠭᠡᠨ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠡᠳᠦᠶ ᠠᠰᠠᠭᠤᠳᠠᠯ ᠢ ᠴᠢᠩᠭ᠎ᠠ ᠠᠳᠬᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠠᠯᠠᠨ ᠪᠦᠷᠢᠳᠬᠡᠵᠦ᠂ ᠴᠡᠭᠴᠡᠯᠡᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ  ᠠᠳᠬᠤᠨ᠎ᠠ᠃   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ