ᠤᠷᠠᠳ ᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠡᠪᠦᠯ ᠤᠨ ᠠᠮᠠᠷᠠᠯᠲᠠ ᠶᠢᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/30
      1 ᠰᠠᠷ᠎ᠠ ᠶᠢᠨ 25 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ᠂ ᠢᠦᠶ ᠰᠢᠨ ᠨᠣᠮ ᠤᠨ ᠳᠡᠯᠭᠡᠭᠦᠷ᠂ ᠸᠧᠨ ᠬᠠᠶ ᠬᠦᠭᠵᠢᠮ ᠤᠨ ᠬᠤᠳᠠᠯᠳᠤᠭ᠎ᠠ ᠲᠠᠢ ᠬᠠᠮᠲᠤᠷᠠᠨ ︽ᠬᠡᠦᠬᠡᠳ ᠤᠨ ᠰᠡᠳᠬᠢᠯ ᠢ ᠳᠤᠯᠠᠭᠠᠴᠠᠭᠤᠯᠤᠨ ᠲᠣᠷᠨᠢᠭᠤᠨ ᠦᠰᠬᠦ ᠶᠢ ᠬᠠᠯᠠᠮᠵᠢᠯᠠᠬᠤ︾ ᠡᠪᠦᠯ ᠤᠨ ᠠᠮᠠᠷᠠᠯᠲᠠ ᠶᠢᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠥᠷᠨᠢᠭᠦᠯᠪᠡ      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠬᠠᠶᠢᠷ᠎ᠠ ᠬᠠᠯᠠᠮᠵᠢ ᠶᠢᠨ ᠬᠥᠮᠦᠰ ᠲᠠᠢ ᠭᠠᠷ ᠬᠤᠯᠪᠣᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠨᠣᠮ ᠪᠢᠴᠢᠭ᠂ ᠰᠤᠷᠤᠯᠭ᠎ᠠ ᠶᠢᠨ ᠬᠡᠷᠡᠭᠰᠡᠯ᠂ ᠬᠥᠭᠵᠢᠮ ᠵᠡᠷᠭᠡ ᠶᠢ ᠬᠠᠨᠳᠢᠪᠯᠠᠪᠠ᠃ ᠬᠡᠦᠬᠡᠳ ᠤᠳ ᠨᠢᠭᠡᠪᠦᠷᠢ ᠵᠣᠯ ᠵᠢᠷᠭᠠᠯ ᠤᠨ ᠢᠨᠢᠶᠡᠮᠰᠦᠭᠯᠡᠯ ᠢᠶᠠᠷ ᠪᠢᠯᠬᠠᠵᠤ᠂ ᠬᠤᠶᠢᠰᠢᠳᠠ ᠨᠡᠩ ᠢᠯᠡᠭᠦᠦ ᠴᠢᠷᠮᠠᠶᠢᠨ ᠰᠤᠷᠤᠯᠴᠠᠵᠤ᠂ ᠢᠷᠡᠭᠡᠳᠦᠢ ᠳᠤ ᠰᠢᠯᠢᠳᠡᠭ ᠬᠢᠷᠢ ᠪᠦᠲᠦᠮᠵᠢ ᠪᠠᠷ ᠨᠡᠶᠢᠭᠡᠮ ᠳᠤ ᠠᠴᠢ ᠬᠠᠷᠢᠭᠤᠯᠵᠤ᠂ ᠤᠯᠠᠨ ᠤ ᠥᠪᠡᠷ ᠤᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠭᠡᠵᠦ ᠢᠯᠡᠳᠬᠡᠵᠡᠭᠡᠪᠡ᠃     ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠷᠬᠢᠨ ᠦᠵᠡᠵᠦ ᠲᠣᠬᠤᠨᠢᠭᠤᠯᠬᠤ᠂ ᠲᠥᠷᠥᠯ ᠰᠠᠳᠤᠨ ᠤ ᠰᠡᠳᠬᠢᠯᠬᠡ ᠬᠠᠷᠢᠯᠴᠠᠨ ᠬᠥᠳᠡᠯᠦᠯᠴᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠳᠠᠶᠢᠴᠢᠯᠠᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠳᠤ ᠥᠷᠭᠡᠨ ᠢᠶᠠᠷ ᠣᠷᠣᠯᠴᠠᠭᠤᠯᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠵᠢᠴᠢ ᠨᠡᠶᠢᠭᠡᠮ ᠤᠨ ᠬᠠᠶᠢᠷ᠎ᠠ ᠬᠠᠯᠠᠮᠵᠢ ᠶᠢ ᠬᠠᠪᠰᠤᠷᠬᠤ ᠴᠢᠬᠤᠯᠠᠲᠠᠶ ᠬᠡᠤᠬᠡᠳ ᠨᠢᠭᠡᠪᠦᠷᠢ ᠳᠤ ᠦᠨᠡᠨ ᠬᠦ ᠳᠠᠮᠵᠢᠭᠤᠯᠤᠨ᠎ᠠ᠃   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ