ᠤᠷᠠᠳ ᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ︽ᠬᠤᠶᠠᠷ ᠥᠮᠡᠨ︾ ᠢ ᠠᠪᠤᠷᠠᠨ ᠲᠤᠰᠠᠯᠠᠬᠤ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2024/10/17
   10 ᠰᠠᠷ᠎ᠠ ᠶᠢᠨ 14 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ 2024 ᠣᠨ ᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ︽ᠣᠷᠣᠯᠭ᠎ᠠ ᠪᠠᠭᠠᠲᠠᠶ ᠡᠮᠡᠭᠲᠡᠶᠢᠴᠦᠳ ᠤᠨ ᠬᠤᠶᠠᠷ ᠥᠮᠡᠨ ᠢ ᠠᠪᠤᠷᠠᠨ ᠲᠤᠰᠠᠯᠠᠬᠤ︾ ᠲᠥᠪ ᠤᠨ ᠲᠤᠰᠬᠠᠶ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠪᠠᠯᠠ ᠮᠥᠩᠭᠦ ᠲᠠᠷᠬᠠᠭᠠᠬᠤ ᠶᠣᠰᠣᠯᠠᠯ ᠶᠠᠪᠤᠭᠤᠯᠪᠠ᠃    ᠶᠣᠰᠣᠯᠠᠯ ᠳᠤ ᠂ ᠲᠣᠰ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭᠠᠲᠠᠨ ᠠᠴᠠ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠠᠴᠠ ᠣᠷᠣᠯᠭ᠎ᠠ ᠪᠠᠭᠠᠲᠠᠶ ᠡᠮᠡᠭᠲᠡᠶᠢᠴᠦᠳ ᠤᠨ ︽ᠬᠤᠶᠠᠷ ᠥᠮᠡᠨ︾ ᠢ ᠠᠪᠤᠷᠠᠨ ᠲᠤᠰᠠᠯᠠᠬᠤ ᠶᠢ ᠳᠡᠮᠵᠢᠬᠦ ᠪᠣᠯ ᠣᠷᠣᠯᠭ᠎ᠠ ᠪᠠᠭᠠᠲᠠᠶ ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠮᠥᠨ᠂ ᠲᠤᠰᠠᠯᠠᠮᠵᠢ ᠭᠥᠷᠳᠡᠭᠰᠡᠨ ᠡᠮᠡᠭᠲᠡᠶᠢᠴᠦᠳ ᠤᠨ ᠨᠠᠮ ᠪᠠ ᠵᠠᠰᠠᠭ ᠤᠨ ᠣᠷᠳᠣᠨ ᠤ ᠰᠠᠶᠢᠨ ᠲᠥᠷᠥ ᠶᠢᠨ ᠪᠣᠳᠣᠯᠭ᠎ᠠ ᠳᠤ ᠲᠠᠯᠠᠷᠬᠠᠵᠤ᠂ ᠬᠠᠶᠢᠷ᠎ᠠ ᠬᠠᠯᠠᠮᠵᠢ ᠪᠠᠷ ᠡᠪᠡᠳᠴᠢᠨ ᠡᠮᠭᠡᠭ ᠢ ᠢᠯᠠᠨ ᠳᠠᠪᠠᠭ᠋ᠤ ᠬᠦᠴᠦᠨ ᠪᠣᠯᠭᠠᠨ ᠬᠤᠪᠢᠷᠠᠭᠤᠯᠵᠤ᠂ ᠡᠷᠡᠰ ᠬᠠᠲᠠᠭᠤ ᠵᠣᠷᠢᠭ ᠢᠶᠠᠷ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠶᠢ ᠬᠦᠰᠡᠵᠦ ᠪᠠᠶᠢᠨ᠎ᠠ ᠬᠡᠪᠡ᠃ ᠲᠣᠰ ᠣᠳᠠᠭ᠎ᠠ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ 48 ᠣᠷᠣᠯᠭ᠎ᠠ ᠪᠠᠭᠠᠲᠠᠶ ︽ᠬᠦᠬᠦᠨ ᠪᠤᠯᠴᠢᠷᠬᠠᠢ ᠶᠢᠨ ᠥᠮᠡᠨ︾ ᠡᠪᠡᠳᠴᠢᠨ ᠲᠠᠢ ᠡᠮᠡᠭᠲᠡᠶᠢᠴᠦᠳ ᠲᠤ ᠨᠡᠶᠢᠲᠡ 48 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠣᠯᠭᠤᠪᠠ᠃   ᠲᠣᠰ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠠᠷᠢᠭᠤᠴᠠᠯᠭᠠᠲᠠᠨ ᠠᠴᠠ ᠪᠠᠰᠠ ︽ᠬᠤᠶᠠᠷ ᠥᠮᠡᠨ︾ ᠢ ᠤᠷᠢᠳᠴᠢᠯᠠᠨ ᠰᠡᠷᠭᠡᠶᠢᠯᠡᠬᠦ ᠶᠢᠨ ᠲᠣᠭᠤᠷᠢᠨ ᠳᠤ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠥᠷᠨᠢᠭᠦᠯᠵᠦ᠂  ᠡᠪᠡᠳᠴᠢᠲᠡᠨ ᠨᠠᠷ ᠲᠤ ᠪᠠᠶᠠᠰᠤᠩᠭᠤᠶ ᠰᠡᠳᠬᠢᠯᠭᠡ ᠪᠠᠷ ᠲᠦᠷ ᠴᠠᠭ ᠤᠨ ᠬᠦᠴᠢᠷᠳᠡᠯ ᠢ ᠢᠯᠠᠨ ᠳᠠᠪᠠᠵᠤ᠂ ᠠᠮᠢᠳᠤᠷᠠᠯ ᠢᠶᠠᠨ ᠰᠡᠷᠭᠦᠭᠡᠬᠦ ᠣᠷᠮ᠎ᠠ ᠵᠣᠷᠢᠭ ᠢ ᠬᠥᠪᠴᠢᠯᠡᠵᠦ᠂ ᠡᠷᠲᠡᠬᠡᠨ ᠡᠷᠡᠭᠦᠯᠵᠢᠬᠦ ᠶᠢ ᠵᠣᠷᠢᠭᠵᠢᠭᠤᠯᠪᠠ᠃ ᠲᠡᠳᠡᠨ  ᠳᠤ᠂ ᠣᠨᠴᠠᠭᠠᠶᠢᠯᠠᠨ ᠡᠮᠡᠭᠲᠡᠶᠢᠴᠦᠳ ᠤᠨ ︽ᠰᠠᠪᠠᠨ ᠬᠦᠵᠦᠭᠦᠨ ᠤ ᠦᠮᠡᠨ᠂ ᠬᠥᠬᠦᠨ ᠪᠣᠯᠴᠢᠷᠬᠠᠢ ᠶᠢᠨ ᠥᠮᠡᠨ︾ ᠢ ᠦᠨ᠎ᠡ ᠲᠥᠯᠥᠪᠦᠷᠢ ᠦᠭᠡᠢ ᠪᠠᠷ ᠰᠢᠭᠰᠢᠨ ᠪᠠᠶᠢᠴᠠᠭᠠᠬᠤ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠡᠷᠲᠡ ᠢᠯᠡᠷᠡᠭᠦᠯᠵᠦ᠂ ᠡᠷᠲᠡ ᠰᠡᠷᠭᠡᠶᠢᠯᠡᠵᠦ᠂ ᠡᠷᠲᠡ ᠡᠮᠨᠡᠨ ᠵᠠᠰᠠᠵᠤ᠂ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠮᠡᠳᠡᠯᠭᠡ ᠶᠢ ᠣᠶᠢᠯᠠᠭᠠᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠬᠡᠪᠡ ᠃   ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠪᠣᠯᠤᠨ ᠬᠤᠲᠠ ᠶᠢᠨ ᠡᠮᠡᠭᠲᠡᠶᠢᠴᠦᠳ ᠤᠨ  ᠬᠤᠯᠪᠣᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠷ᠂ 2014 ᠣᠨ ᠠᠴᠠ ᠨᠠᠰᠢ᠂  ᠣᠷᠠᠳ ᠤᠨ ᠡᠮᠦᠨᠡᠲᠤ ᠬᠤᠰᠢᠭᠤ ᠣᠷᠣᠯᠭ᠎ᠠ ᠪᠠᠭᠠᠲᠠᠶ 298 ᠨᠡᠷᠡᠰ ᠡᠪᠡᠳᠴᠢᠨ ᠲᠠᠢ ᠡᠮᠡᠭᠲᠡᠶᠢᠴᠦᠳ ᠲᠤ ︽ᠰᠠᠪᠠᠨ ᠬᠦᠵᠦᠭᠦᠨ ᠤ ᠦᠮᠡᠨ᠂ ᠬᠥᠬᠦᠨ ᠪᠣᠯᠴᠢᠷᠬᠠᠢ ᠶᠢᠨ ᠥᠮᠡᠨ︾ ᠤ ᠲᠤᠰᠬᠠᠶ ᠠᠪᠤᠷᠠᠨ ᠲᠤᠰᠠᠯᠠᠬᠤ ᠮᠥᠩᠭᠦ ᠶᠢ 298 ᠲᠦᠮᠡᠨ ᠲᠥᠭᠦᠷᠢᠭ ᠣᠯᠭᠤᠪᠠ᠃    ᠲᠠᠷᠠᠭᠠᠴᠢ ᠶᠢᠨ ᠠᠯᠬᠤᠮ ᠳᠤ᠂  ᠣᠷᠠᠳ ᠤᠨ ᠡᠮᠦᠨᠡᠲᠤ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠳᠡᠭᠡᠳᠦ ᠱᠠᠲᠤᠨ ᠤ ᠡᠮᠡᠭᠲᠡᠶᠢᠴᠦᠳ ᠤᠨ  ᠬᠤᠯᠪᠣᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠬᠤ ᠶᠢᠨ ᠬᠠᠮᠲᠤ᠂  ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ᠂ ᠡᠷᠡᠭᠦᠯ ᠮᠡᠨᠳᠦ ᠶᠢᠨ ᠤᠬᠠᠭᠤᠯᠭ᠎ᠠ ᠬᠢᠬᠦ᠂ ᠡᠷᠬᠡ ᠪᠠᠨ ᠬᠠᠮᠠᠭᠠᠯᠠᠨ ᠬᠠᠶᠢᠷᠠᠯᠠᠬᠤ᠂ ᠬᠦᠴᠢᠷᠳᠡᠯ ᠢ ᠬᠠᠪᠰᠤᠷᠤᠨ ᠲᠡᠳᠬᠦᠬᠦ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ ᠂ ᠨᠠᠩ ᠣᠯᠠᠨ ᠡᠮᠡᠭᠲᠡᠶᠢᠴᠦᠳ ᠲᠤ ︽ᠲᠥᠷᠬᠦᠮ ᠤᠨ ᠬᠥᠮᠦᠰ︾ ᠤᠨ ᠬᠠᠶᠢᠷ᠎ᠠ ᠬᠠᠯᠠᠮᠵᠢ ᠶᠢ ᠬᠦᠷᠭᠡᠭᠦ ᠪᠠᠷ ᠪᠣᠢ ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ